ᠬᠠᠳᠤᠨ ᠭᠣᠣᠯ ᠤ᠋ᠨ ᠲᠠᠩ ᠤ᠋ᠨ ᠣᠷᠣᠨ᠎ᠤ ᠵᠠᠰᠠᠯᠳᠠ
2026-03-10 10:39:31
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠮᠠᠨ ᠤ᠋ ᠤᠷᠤᠨ ᠬᠠᠲᠤᠨ ᠭᠤᠤᠯ ᠤ᠋ᠨ ᠲᠠᠩ ᠤ᠋ᠨ ᠣᠷᠣᠨ ᠤ᠋ 1178.55 ᠮᠤ᠌ ᠦᠶᠡᠷ ᠵᠠᠯᠠᠬᠤ ᠢ᠋ᠢ ᠬᠦᠨᠳᠦ ᠨᠣᠴᠢᠲᠠᠶ ᠬᠠᠷᠱᠢᠯᠠᠭ᠍ᠰᠠᠨ ᠪᠠ ᠭᠤᠤᠯ ᠤ᠋ᠨ ᠲᠤᠭᠲᠠᠭᠤᠨ ᠪᠠᠢᠳᠠᠯ ᠢ᠋ ᠨᠥᠯᠥᠭᠡᠯᠡᠭ᠌ᠰᠡᠨ ᠡᠪᠡᠰᠤ ᠮᠣᠳᠣ ᠢ᠋ᠢ ᠴᠡᠪᠡᠷᠯᠡᠨ ᠴᠡᠭ᠌ᠴᠡᠯᠡᠬᠦ᠌ ᠠᠵᠢᠯ ᠢ᠋ ᠳᠠᠭᠤᠰᠬᠠᠪᠠ᠃

ᠦᠪᠤᠷ ᠮᠤᠡᠭᠭᠤᠯ ᠬᠠᠲᠤᠨ ᠭᠤᠤᠯ ᠤ᠋ᠨ ᠲᠠᠩ ᠤ᠋ᠨ ᠣᠷᠣᠨ ᠤ᠋ ᠲᠠᠷᠢᠶᠠᠨ ᠭᠠᠵᠠᠷ ᠢ᠋ ᠲᠥᠷᠥᠯ ᠬᠤᠪᠢᠶᠠᠨ ᠱᠢᠶ᠋ᠳᠪᠦᠷᠢᠯᠡᠬᠦ᠌ ᠢ᠋ᠢ ᠢᠳᠡᠪᠬᠢᠲᠡᠶ ᠠᠬᠢᠭᠤᠯᠵᠤ᠂ ᠤᠯᠤᠰ ᠤ᠋ᠨ《ᠭᠤᠷᠪᠠᠨ ᠣᠷᠣᠨ ᠭᠤᠷᠪᠠᠨ ᠱᠤᠭᠤᠮ》 ᠤ᠋ᠨ ᠢᠯᠭᠠᠨ ᠲᠣᠭ᠍ᠲᠠᠭᠠᠬᠤ ᠠᠵᠢᠯ ᠲᠠᠢ ᠤᠶᠠᠯᠳᠤᠭᠤᠯᠤᠨ᠂ ᠬᠠᠲᠤᠨ ᠭᠤᠤᠯ ᠤ᠋ᠨ ᠲᠠᠩ  ᠤ᠋ᠨ ᠣᠷᠣᠨ ᠤ᠋ ᠳᠣᠲᠣᠷᠠᠬᠢ 38.3 ᠲᠦᠮᠡᠨ ᠮᠥ᠍ ᠤᠤᠯ ᠤ᠋ᠨ ᠡᠭᠦᠷᠢᠳᠡ ᠢ᠋ᠢᠨ ᠦᠨᠳᠦᠰᠦᠨ ᠲᠠᠷᠢᠶᠠᠨ ᠭᠠᠵᠠᠷ ᠢ᠋ ᠱᠢᠯᠵᠢᠭᠦᠯᠦᠨ ᠭᠠᠷᠭᠠᠪᠠ; ᠬᠠᠲᠤᠨ ᠭᠤᠤᠯ ᠤ᠋ᠨ ᠲᠠᠩ ᠤ᠋ᠨ ᠣᠷᠣᠨ ᠤ᠋ ᠰᠠᠭᠤᠭᠠᠯᠢ ᠠᠷᠠᠳ ᠢ᠋ ᠨᠡᠭᠦᠯᠭᠡᠨ ᠲᠦᠪᠬᠢᠨᠡᠭᠦᠯᠬᠦ ᠠᠵᠢᠯ ᠢ᠋ ᠪᠥᠬᠥ᠌ ᠬᠦᠴᠦᠨ ᠢ᠋ᠢᠡᠷ ᠢ᠋ᠢᠡᠨ ᠠᠬᠢᠭᠤᠯᠵᠤ᠂ 2021 ᠣᠨ ᠡᠴᠡ ᠨᠠᠭᠠᠰᠢ ᠥᠪᠡᠷᠲᠡᠭᠡᠨ ᠵᠠᠰᠠᠬᠤ ᠣᠷᠣᠨ 2.92 ᠳ᠋ᠦᠩᠱᠢᠭᠤᠷ ᠲᠥᠭᠥᠷᠢᠭ ᠤ᠋ᠨ ᠨᠡᠭᠦᠯᠭᠡᠨ ᠲᠦᠪᠬᠢᠨᠠᠭᠦᠯᠬᠦ ᠨᠥᠬᠥᠪᠥᠷᠢ ᠮᠥᠩᠭᠥ᠌ ᠪᠠᠭᠤᠯᠭᠠᠵᠤ᠂ ᠨᠡᠢᠲᠡ 1687 ᠡᠷᠦᠬᠡ᠂ 4213 ᠬᠥᠮᠦᠨ ᠢ᠋ ᠨᠡᠭᠦᠯᠭᠡᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠠᠩ ᠤ᠋ᠨ ᠣᠷᠣᠨ ᠤ᠋ ᠰᠠᠭᠤᠭᠠᠯᠢ ᠠᠷᠠᠳ ᠢ᠋ ᠨᠡᠭᠦᠯᠭᠡᠨ ᠲᠦᠪᠬᠢᠨᠠᠭᠦᠯᠬᠦ ᠡᠭᠦᠷᠭᠡ ᠢ᠋ᠢ 2 ᠵᠢᠯ ᠤᠷᠢᠳᠴᠢᠯᠠᠨ ᠪᠡᠶᠡᠯᠡᠭᠦᠯᠪᠡ ; ᠲᠠᠩ ᠤ᠋ᠨ ᠣᠷᠣᠨ ᠤ᠋ ᠲᠠᠷᠢᠮᠠᠯ ᠤ᠋ᠨ ᠬᠠᠮᠢᠶᠠᠷᠤᠯᠲᠠ ᠢ᠋ᠢ ᠦᠷᠭᠦᠯᠵᠢᠯᠡᠨ ᠴᠢᠩᠭᠠᠳᠭᠠᠵᠤ᠂ 2025 ᠣᠨ ᠳ᠋ᠤ ᠲᠠᠩ ᠤ᠋ᠨ ᠣᠷᠣᠨ ᠤ᠋ ᠥᠨᠳᠥᠷ ᠡᠱᠢᠲᠦ ᠲᠠᠷᠢᠮᠠᠯ ᠤ᠋ᠨ ᠳᠠᠷᠢᠬᠤ ᠲᠠᠯᠠᠪᠠᠶ  ᠢ᠋ᠢ 38.89 ᠲᠦᠮᠡᠨ ᠮᠥ᠍ ᠵᠠᠭᠠᠭ᠍ᠯᠠᠨ ᠲᠣᠭ᠍ᠲᠠᠭᠠᠵᠤ᠂ ᠣᠨ ᠤ᠋ ᠲᠠᠷᠢᠶᠠᠯᠠᠬᠤ ᠢ᠋ᠢ ᠴᠠᠭᠠᠵᠠᠯᠠᠬᠤ ᠬᠢᠵᠠᠭᠠᠷᠯᠠᠬᠤ ᠬᠠᠷᠠᠯᠲᠠ ᠢ᠋ᠢ ᠦᠨᠳᠦᠰᠦᠨ ᠳ᠋ᠡᠭᠡᠨ ᠪᠡᠶᠡᠯᠡᠭᠦᠯᠵᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号