ᠬᠠᠮᠤᠭ ᠤ᠋ᠨ ᠱᠢᠨ᠎ᠡ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠵᠢᠡᠷ᠂ 2025 ᠣᠨ ᠳ᠋ᠤ ᠬᠢᠩᠭᠠᠨ ᠠᠢᠮᠠᠭ ᠤ᠋ᠨ ᠤᠯᠠᠭᠠᠨᠬᠣᠲᠠ ᠵᠢᠨ ᠲᠤᠭᠤᠷ ᠤ᠋ᠨ ᠭᠣᠣᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠲᠤ᠌ ᠡᠪᠦᠯᠵᠢᠬᠦ᠌ ᠨᠡᠭᠦᠳᠡᠯ ᠤ᠋ᠨ ᠱᠢᠪᠠᠭᠤᠳ ᠤ᠋ᠨ ᠲᠣᠭ᠎ᠠ ᠢᠯᠡᠳᠲᠡ ᠨᠡᠮᠡᠭ᠌ᠳᠡᠵᠦ᠍᠂ ᠱᠢᠪᠠᠭᠤᠳ ᠤ᠋ᠨ ᠲᠦᠷᠦᠯ ᠤ᠋ᠨ ᠨᠡᠷᠡᠰ ᠦᠷᠭᠦᠯᠵᠢᠯᠡᠨ ᠱᠢᠨᠡᠳᠴᠦ᠍᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠦᠷᠭᠦᠯᠵᠢᠯᠡᠨ ᠰᠠᠢᠵᠢᠷᠠᠭᠰᠠᠨ ᠭᠡᠷᠡᠴᠢᠯᠡᠯ ᠪᠤᠯᠪᠠ᠃
ᠲᠤᠭᠤᠷ ᠤ᠋ᠨ ᠭᠤᠤᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠤ᠋ᠨ ᠶᠡᠷᠦᠩᠬᠡᠶ ᠲᠠᠯᠠᠪᠠᠶ 2596.36 ᠾᠧᠺᠲ᠋ᠠᠷ ᠲᠦ᠍ ᠬᠦᠷᠴᠦ᠍᠂ ᠡᠪᠦᠯ ᠤ᠋ᠨ ᠤᠯᠠᠷᠢᠯ ᠳ᠋ᠤ ᠴᠤ᠌ ᠤᠰᠤᠨ ᠤ᠋ ᠰᠢᠪᠠᠭᠤᠳ ᠬᠤᠷᠠᠨ ᠴᠤᠭᠯᠠᠷᠠᠵᠤ᠂ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ᠃ ᠣᠳᠣᠬᠠᠨ ᠳ᠋ᠤ ᠴᠡᠴᠡᠷᠯᠢᠭ ᠤ᠋ᠨ ᠬᠢᠨᠠᠨ ᠬᠡᠮᠵᠢᠬᠦ᠌ ᠠᠵᠢᠯ ᠨᠢ ᠬᠡᠭᠡᠷ᠎ᠡ ᠵᠢᠨ ᠠᠮᠢᠲᠠᠨ᠂ ᠤᠰᠤᠨ ᠰᠢᠨᠵᠢᠯᠡᠭᠡᠨ ᠤᠰᠤᠨ ᠤ᠋ ᠴᠢᠨᠠᠷ᠂ ᠠᠭᠠᠷ ᠤ᠋ᠨ ᠶᠠᠰᠤ ᠴᠢᠨᠠᠷ᠂ ᠬᠡᠭᠡᠷ᠎ᠡ ᠵᠢᠨ ᠤᠷᠭᠤᠮᠠᠯ ᠵᠡᠷᠭᠡ ᠳᠥᠷᠪᠡᠨ ᠶᠡᠬᠡ ᠬᠦᠷᠢᠶ᠎ᠡ ᠶ᠋ᠢ ᠬᠠᠮᠤᠷᠴᠤ᠌᠂ ᠠᠮᠢ ᠠᠬᠤᠶ ᠵᠢᠨ ᠬᠠᠮᠠᠭᠠᠯᠠᠯᠲᠠ ᠳ᠋ᠤ ᠤᠨᠤᠴᠠᠲᠠᠢ ᠲᠣᠭ᠎ᠠ ᠪᠠᠷᠢᠮᠲᠠ ᠵᠢᠨ ᠲᠤᠯᠭᠠᠭᠤᠷᠢᠯᠠᠯ ᠬᠠᠩᠭᠠᠵᠤ ᠪᠤᠢ᠃ 2025 ᠤᠨᠳᠤ᠂ ᠲᠤᠭᠤᠷ ᠤ᠋ᠨ ᠭᠤᠤᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠲᠤ᠌ ᠠᠩᠬᠢᠷ᠂ ᠨᠣᠭᠣᠭᠠᠨ ᠲᠦᠷᠦᠭᠦᠲᠦ ᠨᠤᠭᠤᠰᠤ ᠵᠡᠷᠭᠡ ᠭᠠᠯᠠᠭᠤ ᠵᠢᠨ ᠲᠥᠷᠥᠯ ᠤ᠋ᠨ ᠲᠣᠭ᠎ᠠ ᠢᠯᠡᠳᠲᠡ ᠨᠡᠮᠡᠭ᠌ᠳᠡᠵᠦ᠍᠂ ᠡᠭᠦᠨ ᠳ᠋ᠦ ᠠᠩᠬᠢᠷ ᠤ᠋ᠨ ᠲᠣᠭ᠎ᠠ ᠨᠢᠭᠡᠨᠲᠡ ᠭᠤᠷᠪᠠᠨ ᠵᠠᠭᠤ ᠭᠠᠷᠤᠶ ᠪᠣᠯᠵᠣ᠂ ᠲᠦᠷᠦᠭᠦᠦ ᠬᠣᠶᠠᠷ ᠵᠢᠯ ᠤ᠋ᠨ ᠬᠢ ᠡᠴᠡ ᠢᠯᠡᠳᠲᠡ ᠨᠡᠮᠡᠭ᠌ᠳᠡᠪᠡ; ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠵᠢᠨ ᠠᠮᠢᠲᠠᠨ ᠪᠣᠯᠬᠤ ᠴᠠᠭᠠᠨ ᠰᠡᠭᠦᠯᠲᠦ ᠵᠠᠭᠠᠯᠠᠶ ᠵᠢᠨ ᠲᠣᠭ᠎ᠠ ᠴᠤ᠌ ᠬᠣᠶᠠᠷ ᠪᠠᠢᠭᠰᠠᠨ ᠵᠢᠡᠨ ᠭᠤᠷᠪᠠ ᠪᠤᠯᠵᠤ ᠨᠡᠮᠡᠭᠳᠡᠪᠡ᠃ ᠡᠲᠡᠭᠡᠷ ᠠᠯᠢ ᠣᠯᠠᠨ ᠬᠤᠪᠢᠷᠠᠯᠲᠠ ᠨᠢ ᠣᠷᠣᠨ ᠪᠦᠰᠡ ᠵᠢᠨ ᠠᠮᠢ ᠠᠬᠤᠶ ᠵᠢᠨ ᠣᠷᠴᠢᠨ ᠲᠣᠭᠣᠷᠢᠨ ᠤ᠋ ᠶᠠᠰᠤ ᠴᠢᠨᠠᠷ ᠤ᠋ᠨ ᠦᠷᠭᠦᠯᠵᠢᠯᠡᠨ ᠰᠠᠢᠵᠢᠷᠠᠭᠰᠠᠨ ᠢ᠋ᠭᠦᠶ᠋ᠴᠡᠳ ᠬᠠᠷᠠᠭᠤᠯᠤᠭᠰᠠᠨ ᠪᠥᠭᠡᠳ ᠲᠤᠭᠤᠷ ᠤ᠋ᠨ ᠭᠤᠤᠯ ᠤ᠋ᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠲᠤ᠌ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷᠢ ᠬᠠᠮᠠᠭᠠᠯᠠᠬᠤ ᠠᠵᠢᠯ ᠢ᠋ ᠴᠢᠨᠠᠭᠰᠢᠳᠠ ᠥᠷᠨᠢᠭᠦᠯᠬᠦ᠌ ᠳ᠋ᠦ ᠪᠠᠲᠤ ᠰᠠᠭᠤᠷᠢ ᠲᠠᠯᠪᠢᠵᠤ ᠥᠭ᠌ᠴᠡᠶ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号