ᠰᠢᠨ᠎ᠠ ᠵᠢᠯ ᠤ᠋ᠨ ᠡᠬᠢᠨ ᠳ᠋ᠤ ᠰᠠᠢᠨ ᠴᠢᠮᠡᠭᠡ ᠵᠠᠯᠭᠠᠭ᠎ᠠ ᠪᠡᠷ ᠲᠤᠭᠤᠯᠳᠠᠨ᠎ᠠ ᠃ ᠪᠦᠬᠦ ᠤᠯᠤᠰ ᠤ᠋ᠨ ᠮᠠᠯ ᠠᠵᠤ ᠠᠬᠤᠢ ᠶ᠋ᠢᠨ ᠶᠡᠷᠦᠩᠬᠡᠢ ᠦᠷᠳᠡᠭᠡ ᠶ᠋ᠢᠨ ᠨᠡᠢᠳᠡᠯᠡᠭᠰᠡᠨ 2025 ᠤᠨ ᠤ᠋ 12 ᠰᠠᠷ᠎ᠠ ᠶ᠋ᠢᠨ ᠳᠤᠮᠳᠠᠳᠤ ᠤᠯᠤᠰ ᠤ᠋ᠨ ᠰᠠᠭᠠᠯᠢ ᠶ᠋ᠢᠨ ᠬᠡᠷᠡᠭᠴᠡᠭᠡ ᠶ᠋ᠢᠨ ᠰᠠᠢᠨ ᠡᠭᠦᠯᠳᠡᠷ ᠤ᠋ᠨ ᠪᠤᠬ᠎ᠠ ᠶ᠋ᠢ ᠪᠤᠢᠵᠢᠭᠤᠯᠤᠭᠰᠠᠨ ᠪᠠᠢᠳᠠᠯ ᠤ᠋ᠨ ᠬᠠᠮᠤᠭ ᠤ᠋ᠨ ᠰᠢᠨ᠎ᠠ ᠶᠡᠷᠦᠩᠬᠡᠢᠯᠡᠭᠰᠡᠨ ᠦᠨᠡᠯᠡᠯᠳᠡ ᠳ᠋ᠤ᠂ ᠦᠪᠦᠷ ᠮᠤᠩᠭᠤᠯ ᠤ᠋ᠨ ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠶ᠋ᠢᠨ ᠰᠠᠢ ᠺᠧ ᠰᠢᠩ ᠰᠤᠳᠤᠯᠭᠠᠨ ᠤ᠋ ᠬᠦᠷᠢᠶᠡᠯᠡᠩ ᠤ᠋ᠨ ᠪᠤᠢᠵᠢᠭᠤᠯᠤᠭᠰᠠᠨ 15522027 ᠳ᠋ᠤᠭᠠᠷ ᠪᠤᠬ᠎ᠠ 2915 ᠶ᠋ᠢᠨ ᠦᠨᠳᠦᠷ ᠬᠤᠪᠢ ᠶ᠋ᠢᠨ GCPI(ᠳᠤᠮᠳᠠᠳᠤ ᠤᠯᠤᠰ ᠤ᠋ᠨ ᠰᠠᠭᠠᠯᠢ ᠶ᠋ᠢᠨ ᠦᠨᠢᠶ᠎ᠠ ᠶ᠋ᠢᠨ ᠭᠧᠨ ᠤ᠋ ᠪᠦᠯᠦᠭ ᠤ᠋ᠨ ᠴᠢᠳᠠᠮᠵᠢ ᠶ᠋ᠢᠨ ᠵᠢᠭᠠᠯᠳᠠ ᠲᠤᠭ᠎ᠠ) ᠪᠡᠷ ᠪᠦᠬᠦ ᠤᠯᠤᠰ ᠲᠦ᠍ ᠮᠠᠩᠯᠠᠢᠯᠠᠵᠤ᠂ ᠲᠤᠰ ᠰᠤᠳᠤᠯᠭᠠᠨ ᠤ᠋ ᠬᠦᠷᠢᠶᠡᠯᠡᠩ ᠤ᠋ᠨ ᠪᠤᠢᠵᠢᠭᠤᠯᠤᠭᠰᠠᠨ ᠪᠤᠬ᠎ᠠ ᠪᠦᠬᠦ ᠤᠯᠤᠰ ᠲᠤ᠌ ᠳᠦᠷᠪᠡᠳᠡᠬᠢ ᠤᠳᠠᠭ᠎ᠠ ᠮᠠᠩᠯᠠᠢᠯᠠᠪᠠ᠃
ᠤᠢᠯᠠᠭᠠᠭᠰᠠᠨ ᠶ᠋ᠢᠡᠷ᠂ ᠲᠤᠰ ᠪᠤᠬ᠎ᠠ ᠶ᠋ᠢ ᠠᠮᠵᠢᠯᠳᠠ ᠲᠠᠢ ᠪᠤᠢᠵᠢᠭᠤᠯᠤᠭᠰᠠᠨ ᠨᠢ ᠶᠢᠤ ᠷᠠᠨ ᠮᠠᠯ ᠠᠵᠤ ᠠᠬᠤᠢ ᠶ᠋ᠢᠨ ᠰᠠᠢ ᠺᠧ ᠰᠢᠩ ᠰᠤᠳᠤᠯᠭᠠᠨ ᠤ᠋ ᠬᠦᠷᠢᠶᠡᠯᠡᠩ ᠳ᠋ᠤ ᠮᠠᠰᠢ ᠪᠤᠯᠪᠠᠰᠤᠷᠠᠩᠭᠤᠢ ᠡᠭᠦᠯᠳᠡᠷ ᠪᠤᠢᠵᠢᠭᠤᠯᠬᠤ ᠮᠡᠷᠭᠡᠵᠢᠯ ᠤ᠋ᠨ ᠰᠢᠰᠲᠧᠮ ᠲᠠᠢ ᠡᠴᠡ ᠪᠤᠯᠵᠠᠢ᠃ ᠰᠠᠢ ᠺᠧ ᠰᠢᠩ ᠤ᠋ᠨ ᠡᠭᠦᠯᠳᠡᠷ ᠪᠤᠢᠵᠢᠭᠤᠯᠬᠤ ᠰᠢᠰᠲᠧᠮ ᠨᠢ ᠺᠤᠮᠫᠠᠨᠢ ᠶ᠋ᠢᠨ ᠵᠢᠡᠨ 62 ᠲᠦᠮᠡᠨ ᠰᠠᠭᠠᠯᠢ ᠶ᠋ᠢᠨ ᠦᠨᠢᠶ᠎ᠠ ᠵᠢᠨ ᠯᠤᠳᠤ ᠲᠤᠮᠤ ᠰᠦᠷᠦᠭ ᠤ᠋ᠨ ᠡᠩᠨᠡᠭᠡ ᠳ᠋ᠤ ᠲᠦᠰᠢᠭᠯᠡᠨ᠂ ᠪᠦᠬᠦ ᠭᠧᠨ ᠤ᠋ ᠪᠦᠯᠦᠭ ᠤ᠋ᠨ ᠰᠢᠯᠭᠠᠨ ᠪᠠᠢᠴᠠᠭᠠᠯᠳᠠ ᠪᠠ ᠦᠢᠯᠡᠳᠪᠤᠷᠢᠯᠡᠯ ᠤ᠋ᠨ ᠴᠢᠳᠠᠮᠵᠢ ᠶ᠋ᠢᠨ ᠦᠨᠡᠯᠡᠯᠳᠡ ᠰᠢᠯᠢᠯᠳᠡ ᠪᠡᠷ ᠳᠠᠮᠵᠢᠨ ᠰᠢᠯᠢᠳᠡᠭ ᠡᠭᠦᠯᠳᠡᠷ ᠤ᠋ᠨ ᠪᠤᠬ᠎ᠠ ᠶ᠋ᠢᠨ ᠭᠤᠤᠯᠯᠠᠬᠤ ᠰᠦᠷᠦᠭ ᠢ᠋ ᠰᠤᠩᠭᠤᠨ ᠳᠤᠭᠳᠠᠭᠠᠬᠤ ᠶ᠋ᠢᠨ ᠬᠠᠮᠳᠤ᠂ ᠪᠡᠶ᠎ᠠ ᠪᠡᠨ ᠳᠠᠭᠠᠭᠠᠨ ᠰᠤᠳᠤᠯᠤᠨ ᠨᠡᠭᠡᠭᠡᠭᠰᠡᠨ 《ᠡᠭᠦᠯᠳᠡᠷ ᠪᠤᠢᠵᠢᠭᠤᠯᠬᠤ 1 ᠳ᠋ᠤᠭᠡᠷ ᠨᠤᠮᠧᠷᠲᠦ ᠴᠢᠫ 》 ᠢ᠋ ᠠᠰᠢᠭᠯᠠᠨ ᠠᠳᠠᠯᠢ ᠪᠤᠰᠤ ᠳᠠᠪᠠᠭᠤᠯᠢᠭ ᠰᠢᠨᠵᠢ ᠲᠡᠮᠳᠡᠭ ᠪᠦᠬᠦᠢ ᠦᠷᠡᠵᠢᠯ ᠤ᠋ᠨ ᠴᠢᠳᠠᠪᠤᠷᠢ ᠰᠠᠢᠳᠠᠢ ᠡᠭᠦᠯᠳᠡᠷ ᠤ᠋ᠨ ᠪᠤᠬ᠎ᠠ ᠶ᠋ᠢ ᠰᠤᠩᠭᠤᠨ ᠪᠤᠢᠵᠢᠭᠤᠯᠳᠠᠭ᠃
ᠶᠢᠤ ᠷᠠᠨ ᠮᠠᠯ ᠠᠵᠤ ᠠᠬᠤᠢ ᠶ᠋ᠢᠨ ᠬᠢᠵᠠᠭᠠᠷᠳᠦ ᠺᠤᠮᠫᠠᠨᠢ ᠵᠢᠨ ᠬᠢᠨ ᠭᠠᠷ ᠬᠡᠭᠡᠯᠳᠦᠭᠦᠯᠭᠡ ᠬᠢᠬᠦ᠂ ᠬᠦᠪᠤᠷᠠᠯ ᠰᠢᠯᠵᠢᠭᠦᠯᠬᠦ ᠵᠡᠷᠭᠡ ᠲᠡᠷᠢᠭᠦᠨ ᠤ᠋ ᠮᠡᠷᠭᠡᠵᠢᠯ ᠶ᠋ᠢᠡᠷ ᠤᠳᠤᠮᠯᠠᠯ ᠤ᠋ᠨ ᠡᠭᠦᠯᠳᠡᠷ ᠪᠤᠢᠵᠢᠭᠤᠯᠤᠯᠳᠠ ᠶ᠋ᠢᠨ ᠴᠢᠭᠯᠡᠭᠦᠯᠦᠯᠳᠦ ᠴᠢᠨᠠᠷ ᠪᠠ ᠵᠢᠱ᠌ᠢᠯᠳᠡᠳᠤ ᠴᠢᠨᠠᠷ ᠢ᠋ ᠢᠯᠡᠳᠳᠡ ᠳᠡᠭᠡᠭᠰᠢᠯᠡᠭᠦᠯᠵᠤ᠂ ᠨᠠᠷᠢᠯᠢᠭ ᠤᠨᠤᠴᠠᠳᠠᠢ ᠪᠡᠷ ᠡᠭᠦᠯᠳᠡᠷ ᠰᠤᠩᠭᠤᠵᠤ ᠡᠭᠦᠯᠳᠡᠷ ᠪᠤᠢᠵᠢᠭᠤᠯᠬᠤ ᠶ᠋ᠢ ᠪᠡᠶᠡᠯᠡᠭᠦᠯᠤᠨ᠂ ᠡᠭᠦᠯᠳᠡᠷ ᠤ᠋ᠨ ᠪᠤᠬ᠎ᠠ ᠶ᠋ᠢ ᠪᠤᠢᠵᠢᠭᠤᠯᠬᠤ ᠬᠤᠷᠳᠤᠴᠠ ᠶ᠋ᠢ ᠶᠡᠬᠡ ᠪᠡᠷ ᠳᠡᠭᠡᠭᠰᠢᠯᠡᠭᠦᠯᠪᠠ᠃ ᠲᠡᠬᠦᠨᠴᠢᠯᠡᠨ ᠮᠠᠯᠵᠢᠯ ᠤ᠋ᠨ ᠲᠠᠯᠠᠪᠠᠢ ᠶ᠋ᠢᠨ ᠵᠢᠡᠨ ᠦᠷᠡᠵᠢᠯ ᠰᠠᠢᠳᠠᠢ ᠦᠭᠡᠷ ᠤ᠋ᠨ ᠰᠦᠷᠦᠭ ᠤ᠋ᠨ ᠦᠶ᠎ᠠ ᠰᠤᠯᠢᠭᠳᠠᠬᠤ ᠪᠠ ᠦᠷᠠᠵᠢᠯ ᠨᠢ ᠬᠡᠪ ᠳᠤᠮᠳᠠ ᠶ᠋ᠢᠨ ᠦᠭᠡᠷ ᠤ᠋ᠨ ᠰᠦᠷᠦᠭ ᠤ᠋ᠨ ᠡᠭᠦᠯᠳᠡᠷ ᠢ᠋ ᠰᠠᠢᠵᠢᠷᠠᠭᠤᠯᠬᠤ ᠶ᠋ᠢ ᠦᠨᠳᠦᠷ ᠪᠦᠲᠦᠮᠵᠢᠳᠠᠢ ᠪᠡᠷ ᠠᠬᠢᠭᠤᠯᠵᠤ᠂ ᠰᠠᠭᠠᠯᠢ ᠶ᠋ᠢᠨ ᠦᠨᠢᠶ᠎ᠠ ᠶ᠋ᠢᠨ ᠦᠢᠯᠡᠳᠪᠤᠷᠢᠯᠡᠯ ᠤ᠋ᠨ ᠴᠢᠳᠠᠮᠵᠢ ᠶ᠋ᠢ ᠳᠡᠭᠡᠭᠰᠢᠯᠡᠭᠦᠯᠬᠦ ᠬᠢᠭᠡᠳ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠠ ᠠᠰᠢᠭ ᠢ᠋ ᠨᠡᠮᠡᠭᠳᠡᠭᠦᠯᠬᠦ ᠶ᠋ᠢ ᠪᠦᠬᠦ ᠲᠠᠯ᠎ᠠ ᠪᠡᠷ ᠠᠬᠢᠭᠤᠯᠪᠠ᠃