ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠪᠠ
2026-03-10 11:13:26
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠦᠬᠡᠬᠣᠲᠠ ᠎ᠶ᠋ᠢᠨ ᠵᠡᠮᠳᠡᠭ᠌ᠴᠦᠳ ᠎ᠦᠨ ᠬᠣᠯᠪᠣᠭ᠎ᠠ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠵᠤ᠂ ᠪᠠᠢᠭᠤᠯᠭ᠎ᠠ᠎ᠵᠢᠨ ᠨᠠᠮ ᠬᠡᠰᠢᠬᠦᠨ ᠺᠡᠳ᠋ᠷᠴᠤᠳ ᠵᠢᠡᠨ ᠵᠤᠬᠢᠶᠠᠨ ᠪᠠᠢᠭᠤᠯᠵᠦ᠂ ᠲᠤᠰᠭᠠᠶ ᠰᠡᠳᠦᠪᠲᠦ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠲᠥᠪᠯᠡᠷᠡᠭᠦᠯᠦᠨ ᠦᠵᠡᠪᠠ᠃

ᠬᠤᠷᠠᠯ ᠡᠴᠡ᠂ ᠨᠡᠢᠲᠡᠯᠢᠭ ᠬᠡᠷᠡᠭ᠎ᠦᠨ ᠵᠢᠱ᠌ᠢᠶ᠎ᠡ᠎ᠡᠴᠡ ᠭᠦᠨᠵᠡᠭᠡᠶ ᠰᠤᠷᠭᠠᠮᠵᠢ ᠠᠪᠴᠦ᠂ ᠨᠠᠮ᠎ᠤᠨ ᠭᠡᠱᠢᠭᠦᠨ ᠺᠠᠳ᠋ᠷᠴᠤᠳ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭ᠎ᠠ ᠪᠥᠭᠡᠳ ᠪᠣᠳᠠᠲᠠᠢ ᠴᠢᠩᠭᠠᠳᠬᠠᠬᠤ ᠬᠡᠷᠡᠭᠲᠡᠢ; ᠬᠡᠯᠪᠡᠷᠢᠴᠢ ᠦᠵᠡᠯ᠂ ᠨᠣᠶᠠᠨᠴᠢ ᠰᠤᠷᠲᠠᠯ ᠢ᠋ ᠡᠷᠡᠰ ᠵᠠᠯᠠᠷᠠᠭᠤᠯᠵᠦ᠂ ᠨᠠᠮ ᠎ᠤᠨ ᠭᠡᠱᠢᠭᠦᠨ ᠺᠠᠳ᠋ᠷᠴᠤᠳ ᠎ᠤᠨ ᠬᠦᠰᠡᠯᠡᠩ ᠢᠲᠡᠭᠡᠯ ᠪᠢᠰᠢᠷᠡᠯ᠎ᠢᠶᠠᠨ ᠪᠠᠲᠤᠳᠭᠠᠬᠤ᠂ ᠎ᠰᠠᠬᠢᠯᠭ᠎ᠠ ᠪᠠᠲᠤ ᠎ᠶ᠋ᠢ ᠴᠢᠩᠭ᠎ᠠ ᠰᠠᠬᠢᠬᠤ᠎ᠵᠢ ᠬᠥᠲᠥᠯᠥᠨ ᠵᠢᠯᠣᠭᠣᠳᠴᠦ᠂ ᠲᠥᠪ ᠪᠤᠰᠤ ᠰᠤᠷᠲᠠᠯ᠎ᠢ ᠤᠬᠠᠮᠰᠠᠷ᠎ᠠᠴᠠ᠎ᠪᠠᠨ ᠬᠣᠷᠢᠭ᠍ᠯᠠᠵᠦ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠡᠬᠢ ᠪᠣᠶ ᠪᠣᠯᠭᠠᠨ ᠦᠶ᠋ᠯᠡᠳᠦᠯᠭᠡᠵᠢᠭᠦᠯᠬᠦ ᠬᠡᠷᠡᠭᠲᠡᠢ; ᠵᠡᠮᠳᠡᠭ᠌ᠴᠦᠳ᠎ᠲᠦ ᠦᠶ᠋ᠯᠡᠴᠢᠯᠡᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠰᠠᠬᠢᠵᠦ᠂ ᠵᠡᠮᠳᠡᠭ᠌ᠴᠦᠳ᠎ᠲᠦ ᠪᠣᠳᠠᠲᠤ ᠶᠠᠪᠤᠳᠠᠯ ᠬᠢᠵᠦ᠍ ᠦᠭᠬᠦ᠂ ᠵᠡᠮᠳᠡᠭᠴᠤᠳ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠳᠡᠭᠡᠷ᠎ᠡ ᠬᠦᠴᠦ᠍ ᠲᠠᠯᠪᠢᠬᠤ ᠬᠡᠷᠡᠭᠲᠡᠢ; ᠠᠷᠢᠭᠤᠨ ᠴᠢᠬᠡᠴᠢ ᠲᠥᠪ ᠰᠤᠷᠲᠠᠯ᠎ᠢ ᠪᠠᠷᠢᠮᠳᠠᠯᠠᠨ᠂ ᠪᠣᠳᠠᠲᠠᠢ᠎ᠶ᠋ᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠌ ᠪᠣᠳᠠᠲᠤ ᠠᠵᠢᠯᠯᠠᠭ᠎ᠠ ᠪᠡᠷ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠡᠬᠢᠯᠡᠯᠲᠡ᠎ᠶ᠋ᠢᠨ ᠵᠢᠯ ᠎ᠦᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠣᠳᠠᠲᠠᠢ ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠵᠦ᠂ ᠪᠦᠬᠦ᠌ ᠬᠣᠲᠠ᠎ᠶ᠋ᠢᠨ ᠵᠡᠮᠳᠡᠭ᠌ᠴᠦᠳ ᠎ᠦᠨ ᠦᠢᠯᠡᠰ᠎ᠦᠨ ᠪᠦᠬᠦ᠌ ᠲᠠᠯ᠎ᠠ᠎ᠪᠡᠷ ᠴᠢᠨᠠᠷ ᠰᠠᠢᠲᠠᠶ ᠬᠥᠭ᠌ᠵᠢᠬᠦ᠎ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ 




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号