ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠬᠢ᠎ᠶ᠋ᠢᠨ 1 ᠨᠥᠬᠥᠷ 《ᠪᠦᠬᠦ᠌ ᠤᠯᠤᠰ᠎ᠤᠨ〈 3·8 〉 ᠤ᠋ ᠤᠯᠠᠭᠠᠨ ᠲᠤᠭ᠍ᠴᠢ》 ᠪᠡᠷ ᠰᠤᠩᠭᠤᠬᠳᠠᠪᠠ
2026-03-10 11:23:18
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠬᠢ᠎ᠡᠴᠡ ᠤᠢᠯᠠᠭᠠᠬᠰᠠᠨ ᠵᠢᠡᠷ᠂ ᠲᠦᠷᠦᠭᠦᠭᠡᠨ᠂ ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ᠎ᠵᠢᠨ ᠯᠦ᠍ ᠳ᠋ᠠᠨ ᠴᠢ ᠨᠥᠬᠥᠷ 《ᠪᠥᠬᠥ᠌ ᠤᠯᠤᠰ ᠎ᠤᠨ 〈3·8 〉 ᠶ᠋ᠢᠨ ᠤᠯᠠᠭᠠᠨ ᠲᠤᠭ᠍ᠴᠢ》 ᠪᠠᠷ ᠰᠤᠩᠭᠤᠬᠳᠠᠪᠠ᠃

ᠯᠦ᠍ ᠳ᠋ᠠᠨ ᠴᠢ ᠨᠥᠬᠥᠷ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠎ᠵᠢᠨ ᠨᠢᠭᠡ ᠬᠡᠰᠢᠬᠦᠨ ᠪᠤᠯᠤᠬᠰᠠᠨ᠎ᠤ ᠬᠤᠪᠢ᠎ᠳᠤ᠂ 19 ᠵᠢᠯ᠎ᠦᠨ ᠲᠤᠷᠰᠢ᠂ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠪᠠ ᠭᠠᠯ ᠰᠡᠷᠭᠡᠢᠯᠡᠬᠦ᠌ ᠬᠢᠨᠠᠯᠲᠠ ᠲᠠᠯᠪᠢᠬᠤ ᠡᠮᠦᠨ᠎ᠡ ᠹᠷᠣᠨᠲ᠎ᠢ ᠪᠠᠲᠤ ᠰᠠᠬᠢᠪᠠ᠃ 2008 ᠣᠨ ᠎ᠤ 《 5·12》 ᠤ᠋ᠨ ᠸᠸᠨᠴᠤᠸᠠᠨ᠎ᠤ ᠭᠠᠵᠠᠷ ᠬᠥᠳᠡᠯᠦᠯᠲᠡ᠎ᠳᠤ᠂ ᠲᠡᠷᠡ ᠭᠠᠵᠠᠷ ᠬᠥᠳᠡᠯᠦᠯᠲᠡ᠎ᠲᠡᠶ ᠲᠡᠮᠡᠴᠡᠵᠦ᠍ ᠭᠠᠮᠱᠢᠭ᠎ᠠᠴᠠ ᠠᠪᠤᠷᠠᠬᠤ ᠡᠮᠦᠨ᠎ᠡ ᠹᠷᠣᠨᠲ᠎ᠲᠤ ᠳᠠᠷᠤᠢ ᠲᠦᠷᠭᠡᠨ ᠬᠦᠷᠴᠦ᠍᠂ 8 ᠡᠳᠦᠷ 8 ᠰᠥᠨᠢ ᠳᠠᠷᠠᠭᠠᠯᠠᠨ ᠬᠦᠴᠢᠷ ᠪᠡᠷᠭᠡ᠎ᠵᠢ ᠲᠤᠭᠤᠯᠤᠨ ᠠᠵᠢᠯᠯᠠᠪᠠ᠃ 2021 ᠣᠨ᠎ᠠᠴᠠ ᠡᠬᠢᠯᠡᠨ᠂ ᠲᠡᠷᠡ ᠣᠷᠳᠣᠰ ᠬᠣᠲᠠ᠎ᠶ᠋ᠢᠨ 9 ᠬᠣᠱᠢᠭᠤ ᠲᠣᠭᠣᠷᠢᠭ᠎ᠲᠤ 24 ᠰᠠᠯᠠᠭ᠎ᠠ 《ᠤᠮᠠᠷᠠᠲᠤ ᠬᠢᠯᠢ᠎ᠶ᠋ᠢᠨ ᠬᠥᠬᠡ ᠳᠥᠯᠥ᠍》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠬᠤᠪᠢᠶᠠᠷᠢ ᠠᠩᠭᠢ᠎ᠶ᠋ᠢ ᠲᠦᠷᠦᠭᠦᠯᠡᠨ ᠵᠣᠬᠢᠶᠠᠨ ᠪᠠᠢᠭᠤᠯᠪᠠ᠃ ᠪᠥᠬᠥ᠌ ᠣᠷᠣᠨ᠎ᠤ ᠡᠮᠡᠭ᠌ᠲᠡᠢᠴᠦᠳ ᠎ᠦᠨ ᠬᠣᠯᠪᠣᠭ᠎ᠠ᠎ᠶ᠋ᠢᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ ᠎ᠳᠤ᠂ ᠲᠡᠷᠡ ᠨᠠᠮ᠎ᠤᠨ ᠲᠥᠷᠥ᠎ᠶ᠋ᠢᠨ ᠪᠣᠳᠣᠯᠭ᠎ᠠ ᠪᠠ ᠣᠨᠣᠯ ᠎ᠢ ᠢᠳᠡᠪᠬᠢᠲᠡᠶ ᠤᠯᠠᠮᠵᠢᠯᠠᠪᠠ᠃ ᠯᠦ᠍ ᠳ᠋ᠠᠨ ᠴᠢ ᠤᠷᠢᠳ ᠬᠣᠵᠢᠳ ᠭᠤᠷᠪᠠᠳᠤᠭᠠᠷ ᠳᠡᠰ ᠎ᠤᠨ ᠭᠠᠪᠢᠶ᠎ᠠ ᠵᠢ 2 ᠤᠳᠠᠭ᠎ᠠ ᠪᠠᠢᠭᠤᠯᠵᠤ᠂《ᠪᠦᠬᠦ᠌ ᠤᠯᠤᠰ ᠎ᠤᠨ ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠢᠷᠠᠯᠠᠵᠤ ᠨᠠᠰᠤᠲᠠᠨ᠎ᠢᠶᠠᠨ ᠲᠤᠰᠠᠯᠠᠭ᠍ᠰᠠᠨ ᠵᠢᠱ᠌ᠢᠶᠡᠴᠢ ᠬᠥᠮᠦᠰ》᠂ 《ᠪᠦᠬᠦ᠌ ᠤᠯᠤᠰ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡᠨ ᠎ᠦ ᠱᠢᠯᠢᠳᠡᠭ ᠡᠮᠡᠭ᠌ᠲᠡᠢ ᠺᠠᠳ᠋ᠷ》 ᠵᠡᠷᠭᠡ ᠱᠠᠩᠨᠠᠯ᠎ᠢ ᠬᠦᠷᠲᠡᠪᠡ᠃ 

ᠶᠡᠷᠦᠩᠬᠡᠶ ᠠᠩᠭᠢ᠎ᠶ᠋ᠢᠨ᠎ᠬᠢᠨ᠂ ᠪᠥᠬᠥ᠌ ᠣᠷᠣᠨ ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠎ᠶ᠋ᠢᠨ ᠨᠥᠬᠥᠳ ᠯᠦ᠍ ᠳ᠋ᠠᠨ ᠴᠢ ᠨᠥᠬᠥᠷ᠎ᠢᠶᠡᠷ ᠳᠠᠭᠤᠷᠢᠶᠠᠯ ᠪᠣᠯᠭᠠᠵᠤ᠂ ᠲᠡᠭᠦᠨ ᠎ᠦ ᠨᠠᠮ᠎ᠳᠠᠭᠠᠨ ᠦᠨᠡᠨᠴᠢ ᠱᠢᠳᠤᠷᠭᠤ᠂ ᠣᠭ ᠰᠠᠨᠠᠭ᠎ᠠ᠎ᠪᠠᠨ ᠪᠠᠲᠤ ᠰᠠᠬᠢᠬᠤ ᠤᠯᠤᠰ ᠲᠥᠷᠥ᠎ᠶ᠋ᠢᠨ ᠵᠠᠩ ᠴᠢᠨᠠᠷ᠂ ᠨᠠᠷᠢᠨ ᠬᠢᠨᠠᠮᠠᠭᠠᠶ ᠬᠠᠷᠢᠭᠤᠴᠠᠯᠭ᠎ᠠ᠎ᠲᠠᠶ᠂ ᠯᠠᠪᠳᠠᠭᠤᠨ ᠪᠠᠲᠤᠲᠠᠶ ᠠᠵᠢᠯ᠎ᠤᠨ ᠰᠤᠷᠲᠠᠯ᠂ ᠠᠷᠠᠳ ᠲᠦᠮᠡᠨ᠎ᠦ ᠲᠥᠯᠥᠭᠡ ᠵᠢᠳᠬᠦᠬᠦ᠌ ᠬᠠᠷᠠᠮ ᠥᠬᠡᠶ ᠵᠣᠷᠢᠭᠤᠯᠬᠤ ᠵᠤᠷᠢᠭ ᠰᠠᠨᠠᠭ᠎ᠠ ᠡᠴᠡ ᠳᠠᠭᠠᠨ ᠰᠤᠷᠤᠯᠴᠠᠵᠤ᠂ ᠰᠠᠭᠤᠭ᠎ᠠ ᠭᠠᠵᠠᠷ ᠎ᠤᠨ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠣᠯᠤᠨ ᠨᠡᠢᠭᠡᠮ ᠎ᠦᠨ ᠲᠣᠭ᠍ᠲᠠᠭᠤᠨ᠎ᠢ ᠬᠠᠮᠠᠭᠠᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠲᠦᠭᠡᠶ ᠭᠡᠵᠦ᠍ ᠤᠷᠢᠶᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号