ᠶᠠᠮᠠᠷᠰᠢᠦ ᠬᠥᠮᠥᠨ ᠵᠢᠯ᠎ᠦᠨ ᠠᠮᠠᠷᠠᠯᠲᠠ
ᠠᠪᠴᠦ ᠪᠣᠯᠬᠤᠪᠤᠢ?
ᠵᠢᠯ᠎ᠦᠨ ᠠᠮᠠᠷᠠᠯᠲᠠ ᠪᠠᠨ ᠬᠤᠪᠢᠶᠠᠵᠦ
ᠠᠪᠴᠦ ᠪᠤᠯᠤᠨᠠᠦᠦ?
ᠡᠭᠦᠨ᠎ᠦ ᠲᠤᠬᠠᠢ ᠬᠥᠮᠥᠨ᠎ᠦ ᠬᠦᠴᠦᠨ᠎ᠦ
ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠰᠢᠨ᠎ᠡ ᠬᠠᠷᠢᠭᠤ ᠦᠭᠪᠡ !
ᠠᠵᠢᠯᠲᠠᠨ ᠠᠵᠢᠯᠴᠢᠨ 1 ᠵᠢᠯ᠎ᠡᠴᠡ ᠳᠡᠭᠡᠭᠰᠢ ᠦᠷᠭᠦᠯᠵᠢᠯᠡᠨ
ᠠᠵᠢᠯᠯᠠᠪᠠᠯ ᠴᠠᠯᠢᠩ᠎ᠲᠠᠢ ᠵᠢᠯ᠎ᠦᠨ ᠠᠮᠠᠷᠠᠯᠲᠠᠠᠪᠴᠦ
ᠪᠣᠯᠣᠨ᠎ᠠ
ᠠᠵᠢᠯᠲᠠᠨ ᠠᠵᠢᠯᠴᠢᠨ᠎ᠤ ᠨᠡᠶ᠋ᠢᠲᠡ ᠠᠵᠢᠯᠯᠠᠭᠰᠠᠨ
ᠬᠤᠭᠤᠴᠠᠭ᠎ᠠ ᠨᠢ᠂
ᠪᠦᠬᠦᠯᠢ 1 ᠵᠢᠯ ᠪᠤᠯᠵᠦ 10 ᠵᠢᠯ ᠪᠤᠯᠤᠭᠠᠳᠤᠢ
ᠪᠤᠯ 5 ᠡᠳᠦᠷ;
ᠪᠦᠬᠦᠯᠢ 10 ᠵᠢᠯ ᠪᠤᠯᠵᠦ 20 ᠵᠢᠯ ᠪᠤᠯᠤᠭᠠᠳᠤᠢ
ᠪᠤᠯ 10 ᠡᠳᠦᠷ;
ᠪᠦᠬᠦᠯᠢ 20 ᠵᠢᠯ ᠪᠤᠯᠤᠭᠰᠠᠨ
ᠪᠠᠢᠪᠠᠯ 15 ᠡᠳᠦᠷ ᠠᠮᠠᠷᠠᠵᠥ ᠪᠤᠯᠤᠨ᠎ᠠ᠃
ᠤᠯᠤᠰ᠎ᠤᠨ ᠬᠠᠤᠯᠢ᠎ᠪᠠᠷ ᠲᠣᠭᠲᠠᠭᠠᠭᠰᠠᠨ
ᠠᠮᠠᠷᠠᠯᠲᠠ᠎ᠶᠢᠨ ᠡᠳᠦᠷ᠎ᠢ ᠵᠢᠯ᠎ᠦᠨ ᠠᠮᠠᠷᠠᠯᠲᠠ᠎ᠶᠢᠨ ᠴᠢᠯᠦᠭᠡᠳᠦ ᠪᠤᠳᠤᠵᠤ ᠣᠷᠣᠭᠤᠯᠬᠤ ᠦᠭᠡᠢ᠃
ᠵᠢᠯ᠎ᠦᠨ ᠠᠮᠠᠷᠠᠯᠲᠠ᠎ᠶᠢ ᠬᠤᠪᠢᠶᠠᠵᠦ
ᠠᠪᠴᠦ ᠪᠣᠯᠣᠨ᠎ᠠ ᠦᠦ?
ᠵᠢᠯ᠎ᠦᠨ ᠠᠮᠠᠷᠠᠯᠲᠠ᠎ᠶᠢ ᠬᠤᠪᠢᠶᠠᠵᠦ
ᠠᠪᠴᠦ ᠪᠣᠯᠣᠨ᠎ᠠ᠃
《ᠠᠵᠢᠯᠲᠠᠨ ᠠᠵᠢᠯᠴᠢᠨ᠎ᠤ ᠴᠠᠯᠢᠩ᠎ᠲᠠᠢ᠎ᠪᠠᠷ
ᠵᠢᠯ᠎ᠦᠨ ᠠᠮᠠᠷᠠᠯᠲᠠ ᠠᠪᠬᠤ ᠳᠦᠷᠢᠮ》᠎ᠦᠨ ᠲᠠᠪᠤᠳᠤᠭᠠᠷ ᠵᠦᠢᠯ᠎ᠦᠨ ᠲᠣᠭᠲᠠᠭᠠᠯ᠎ᠢ ᠦᠨᠳᠦᠰᠦᠯᠡᠪᠡᠯ᠂ ᠨᠢᠭᠡᠴᠢ
ᠡᠴᠡ ᠦᠢᠯᠡᠳᠪᠦᠷᠢᠯᠡᠯ᠂ ᠠᠵᠢᠯ᠎ᠤᠨ ᠪᠣᠳᠠᠲᠠᠢ ᠪᠠᠢᠳᠠᠯ᠎ᠢ ᠦᠨᠳᠦᠰᠦᠯᠡᠬᠦ᠎ᠶᠢᠨ ᠬᠠᠮᠲᠤ ᠠᠵᠢᠯᠲᠠᠨ ᠠᠵᠢᠯᠴᠢᠨ᠎ᠤ
ᠬᠦᠰᠡᠯ ᠰᠠᠨᠠᠭ᠎ᠠ᠎ᠶᠢ ᠪᠣᠳᠣᠯᠬᠢᠯᠠᠨ᠂ ᠠᠵᠢᠯᠲᠠᠨ ᠠᠵᠢᠯᠴᠢᠨ᠎ᠤ ᠵᠢᠯ᠎ᠦᠨ ᠠᠮᠠᠷᠠᠯᠲᠠ᠎ᠶᠢ ᠨᠢᠭᠡ ᠵᠢᠯ᠎ᠦᠨ
ᠳᠣᠲᠣᠷ᠎ᠠ ᠲᠥᠪᠯᠡᠷᠡᠭᠦᠯᠦᠨ ᠲᠣᠬᠢᠷᠠᠭᠤᠯᠵᠤ ᠪᠣᠯᠬᠤ ᠪᠥᠭᠡᠳ ᠬᠤᠪᠢᠶᠠᠨ ᠲᠣᠬᠢᠷᠠᠭᠤᠯᠵᠤ ᠪᠣᠯᠣᠨ᠎ᠠ᠂ ᠡᠩ᠎ᠦᠨ
ᠪᠠᠢᠳᠠᠯ᠎ᠳᠤ ᠵᠢᠯ ᠠᠯᠤᠰᠯᠠᠨ ᠲᠣᠬᠢᠷᠠᠭᠤᠯᠬᠤ ᠦᠭᠡᠢ; ᠨᠢᠭᠡᠴᠢ ᠨᠢ ᠦᠢᠯᠡᠳᠪᠦᠷᠢᠯᠡᠯ᠂ ᠠᠵᠢᠯ᠎ᠤᠨ ᠬᠡᠷᠡᠭᠴᠡᠭᠡ᠎ᠠᠴᠠ
ᠪᠣᠯᠵᠤ᠂ ᠦᠨᠡᠨ ᠬᠦ᠌ ᠵᠢᠯ ᠠᠯᠤᠰᠯᠠᠨ ᠲᠣᠬᠢᠷᠠᠭᠤᠯᠬᠤ ᠴᠢᠬᠤᠯᠠᠲᠠᠢ ᠪᠠᠢᠪᠠᠯ᠂ ᠨᠢᠭᠡ ᠵᠢᠯ ᠠᠯᠤᠰᠯᠠᠨ ᠲᠣᠬᠢᠷᠠᠭᠤᠯᠵᠦ
ᠪᠤᠯᠤᠨ᠎ᠠ᠃
ᠨᠢᠭᠡᠴᠢ ᠨᠢ ᠠᠵᠢᠯ᠎ᠤᠨ ᠬᠡᠷᠡᠭᠴᠡᠭᠡ᠎ᠡᠴᠡ ᠪᠣᠯᠵᠤ ᠠᠵᠢᠯᠲᠠᠨ ᠠᠵᠢᠯᠴᠢᠨ᠎ᠤ
ᠵᠢᠯ᠎ᠦᠨ ᠠᠮᠠᠷᠠᠯᠲᠠ᠎ᠶᠢ ᠲᠣᠬᠢᠷᠠᠭᠤᠯᠵᠤ ᠳᠡᠶ᠋ᠢᠯᠬᠦ ᠦᠭᠡᠢ ᠪᠠᠢᠪᠠᠯ᠂ ᠠᠵᠢᠯᠲᠠᠨ ᠠᠵᠢᠯᠴᠢᠨ᠎ᠤ ᠬᠤᠪᠢ ᠬᠥᠮᠥᠨ᠎ᠦ
ᠵᠥᠪᠰᠢᠶᠡᠷᠡᠯ᠎ᠢᠶᠡᠷ ᠲᠠᠮᠵᠢᠨ ᠲᠡᠭᠦᠨ᠎ᠤ ᠵᠢᠯ᠎ᠦᠨ ᠠᠮᠠᠷᠠᠯᠲᠠ᠎ᠶᠢ ᠲᠣᠬᠢᠷᠠᠭᠤᠯᠬᠤ ᠦᠭᠡᠢ ᠪᠠᠢᠵᠤ ᠪᠣᠯᠣᠨ᠎ᠠ᠂
ᠭᠡᠪᠡᠴᠦ ᠨᠢᠭᠡᠴᠢ ᠨᠢ ᠲᠣᠰ ᠬᠦᠮᠦᠨ᠎ᠤ ᠡᠳᠦᠷ᠎ᠦᠨ ᠴᠠᠯᠢᠩ᠎ᠤᠨ 300% ᠪᠡᠷ ᠵᠢᠯ᠎ᠦᠨ ᠠᠮᠠᠷᠠᠯᠲᠠ ᠵᠢᠨ ᠴᠠᠯᠢᠩ
ᠪᠤᠳᠤᠵᠦ ᠦᠭᠬᠦ ᠬᠡᠷᠡᠭᠲᠡᠢ᠃
ᠵᠢᠯ ᠦᠨ ᠠᠮᠠᠷᠠᠯᠲᠠ
ᠠᠪᠬᠤ ᠬᠤᠭᠤᠴᠠᠭᠠᠨ ᠳᠤ ᠵᠥᠪᠬᠡᠨ
ᠦᠨᠳᠦᠰᠦᠨ ᠴᠠᠯᠢᠩ ᠢ ᠥᠭᠬᠦᠨᠡᠦᠦ?
《ᠠᠵᠢᠯᠲᠠᠨ ᠠᠵᠢᠯᠴᠢᠨ᠎ᠤ ᠴᠠᠯᠢᠩ᠎ᠲᠠᠢ᠎ᠪᠠᠷ
ᠵᠢᠯ᠎ᠦᠨ ᠠᠮᠠᠷᠠᠯᠲᠠ ᠠᠪᠬᠤ ᠳᠦᠷᠢᠮ》᠎ᠦᠨ ᠲᠣᠭᠲᠠᠭᠠᠯ᠎ᠢ ᠦᠨᠳᠦᠰᠦᠯᠡᠪᠡᠯ᠂ ᠨᠢᠭᠡᠴᠢ ᠨᠢ ᠠᠵᠢᠯᠲᠠᠨ ᠠᠵᠢᠯᠴᠢᠨ᠎ᠤ
ᠵᠢᠯ᠎ᠦᠨ ᠠᠮᠠᠷᠠᠯᠲᠠ᠎ᠶᠢᠨ ᠴᠢᠯᠦᠭᠡ ᠡᠳ᠋ᠯᠡᠬᠦ᠎ᠶᠢ ᠪᠠᠲᠤᠯᠠᠬᠤ ᠬᠡᠷᠡᠭᠲᠡᠢ; ᠠᠵᠢᠯᠲᠠᠨ ᠠᠵᠢᠯᠴᠢᠨ᠎ᠤ ᠵᠢᠯ᠎ᠦᠨ
ᠠᠮᠠᠷᠠᠯᠲᠠ᠎ᠶᠢᠨ ᠬᠤᠭᠤᠴᠠᠭᠠᠨ᠎ᠳᠤ ᠬᠡᠪ ᠦᠨ ᠠᠵᠢᠯ ᠤᠨ ᠬᠤᠭᠤᠴᠠᠭ᠎ᠠ᠎ᠲᠠᠢ ᠠᠳᠠᠯᠢ ᠴᠠᠯᠢᠩ ᠤᠯᠬᠤ᠎ᠶᠢ ᠪᠠᠲᠤᠯᠠᠬᠤ
ᠬᠡᠷᠡᠭᠲᠡᠢ ᠃
ᠰᠠᠨᠠᠭᠤᠯᠤᠮᠵᠢ᠄ ᠠᠵᠢᠯᠲᠠᠨ ᠠᠵᠢᠯᠴᠢᠨ᠎ᠤ
ᠬᠠᠤᠯᠢ ᠶᠣᠰᠣᠭᠠᠷ ᠡᠳ᠋ᠯᠡᠬᠦ ᠲᠥᠷᠥᠯ ᠰᠠᠳᠤᠨ᠎ᠢᠶᠠᠨ ᠡᠷᠭᠢᠵᠦ ᠦᠵᠡᠬᠦ ᠴᠢᠯᠦᠭᠡ᠂ ᠬᠤᠷᠢᠮ ᠪᠡᠯᠪᠡᠰᠦᠷᠡᠯ᠎ᠦᠨ
ᠴᠢᠯᠦᠭᠡ᠂ ᠬᠥᠩᠭᠡᠵᠢᠬᠦ ᠴᠢᠯᠦᠭᠡ ᠵᠡᠷᠭᠡ ᠤᠯᠤᠰ᠎ᠠᠴᠠ ᠲᠣᠭᠲᠠᠭᠠᠭᠰᠠᠨ ᠠᠮᠠᠷᠠᠯᠲᠠ᠎ᠶᠢᠨ ᠬᠤᠭᠤᠴᠠᠭ᠎ᠠ ᠵᠢᠴᠢ
ᠠᠵᠢᠯ᠎ᠠᠴᠠ ᠪᠣᠯᠤᠭᠰᠠᠨ ᠭᠡᠮᠲᠦᠯ᠎ᠤᠨ ᠰᠢᠯᠲᠠᠭᠠᠨ ᠵᠢᠡᠷ ᠠᠵᠢᠯ ᠵᠣᠭᠰᠣᠵᠤ ᠴᠠᠯᠢᠩ ᠦᠯᠡᠳᠡᠭᠡᠬᠦ ᠬᠤᠭᠤᠴᠠᠭ᠎ᠠ᠎ᠶᠢ
ᠵᠢᠯ᠎ᠦᠨ ᠠᠮᠠᠷᠠᠯᠲᠠ᠎ᠶᠢᠨ ᠴᠢᠯᠦᠭᠡᠳᠦ ᠪᠤᠳᠤᠵᠤ ᠣᠷᠣᠭᠤᠯᠬᠤ ᠦᠭᠡᠢ᠃
ᠢᠷᠡᠯᠲᠡ᠄ ᠬᠥᠮᠥᠨ᠎ᠦ ᠬᠦᠴᠦᠨ᠎ᠦ
ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ