3.7 ᠲᠦᠮᠡ ᠭᠠᠷᠤᠢ ᠬᠦᠮᠦᠨ ᠵᠢᠵᠢᠬᠦᠷᠯᠡᠨ ᠰᠠᠬᠢᠵᠥ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ᠎ᠡ
2026-03-10 10:47:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 15᠎ᠤ ᠡᠳᠦᠷ᠎ᠡᠴᠡ ᠡᠬᠢᠯᠡᠨ᠂ ᠥᠪᠥᠷ ᠮᠣᠩᠭᠣᠯ ᠬᠠᠪᠤᠷ᠎ᠤᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ ᠬᠤᠭᠤᠴᠠᠭᠠᠨ᠎ᠳᠤ ᠣᠷᠣᠬᠤ ᠪᠣᠯᠣᠨ᠎ᠠ᠃ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ ᠎ᠢ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠠᠭᠠᠷ᠎ᠤᠨ ᠳᠤᠯᠠᠭᠠᠨ ᠥᠨᠳᠥᠷ᠂ ᠬᠤᠷ᠎ᠠ ᠲᠤᠨᠳᠠᠰᠤ᠎ᠶᠢᠨ ᠲᠠᠷᠬᠠᠯᠲᠠ ᠲᠡᠭᠰᠢ ᠪᠤᠰᠤ᠂ ᠬᠡᠭᠡᠷ᠎ᠡ ᠭᠠᠳᠠᠨᠠᠬᠢ ᠦᠢᠯᠡᠳᠪᠦᠷᠢᠯᠡᠯ ᠠᠮᠢᠳᠤᠷᠠᠯ᠎ᠤᠨ ᠠᠵᠢᠯᠯᠠᠭ᠎ᠠ ᠲᠥᠪᠯᠡᠷᠡᠭᠰᠡᠨ ᠵᠡᠷᠭᠡ ᠣᠯᠠᠨ ᠵᠦᠢᠯ᠎ᠦᠨ ᠬᠦᠴᠦᠨ ᠵᠦᠢᠯ᠎ᠦᠨ ᠨᠥᠯᠥᠭᠡ᠎ᠡᠴᠡ ᠪᠣᠯᠵᠤ᠂ ᠥᠪᠥᠷ ᠮᠣᠩᠭᠣᠯ᠎ᠤᠨ ᠬᠠᠪᠤᠷ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠨ᠎ᠠ᠃

ᠥᠪᠥᠷ ᠮᠣᠩᠭᠣᠯ ᠤᠷᠢᠳᠴᠢᠯᠠᠨ ᠪᠠᠢᠷᠢᠯᠠᠭᠤᠯᠵᠤ᠂ ᠵᠢᠯ᠎ᠦᠨ ᠡᠬᠢᠨ᠎ᠡᠴᠡ ᠣᠲᠣ᠌ ᠪᠣᠯᠲᠠᠯ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠴᠠᠭ ᠠᠭᠤᠷ ᠵᠡᠷᠭᠡ ᠨᠢᠭᠡᠴᠢ᠎ᠲᠠᠢ ᠬᠠᠮᠲᠤᠷᠠᠨ ᠣᠯᠠᠨ ᠡᠭᠡᠯᠵᠢ᠎ᠶᠢᠨ ᠭᠠᠯ᠎ᠤᠨ ᠠᠶᠤᠯ᠎ᠢ ᠵᠥᠪᠳᠡᠯᠴᠡᠨ ᠰᠤᠳᠤᠯᠤᠨ ᠮᠠᠭᠠᠳᠯᠠᠵᠤ᠂ ᠭᠣᠣᠯᠳᠠᠯᠭ᠎ᠠ᠎ᠲᠠᠢ ᠴᠠᠭ ᠬᠤᠭᠤᠴᠠᠭᠠᠨ᠎ᠤ ᠰᠡᠷᠭᠡᠢᠯᠡᠨ ᠡᠵᠡᠮᠳᠡᠬᠦ ᠪᠠᠢᠳᠠᠯ᠎ᠢ ᠣᠨᠣᠪᠴᠢᠲᠠᠶ ᠡᠵᠡᠮᠳᠡᠵᠦ᠂ ᠰᠡᠷᠭᠡᠢᠯᠡᠨ ᠡᠵᠡᠮᠳᠡᠬᠦ ᠠᠷᠭ᠎ᠠ ᠪᠣᠳᠣᠯᠭ᠎ᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠪᠠ᠃ ᠤᠷᠢᠳ ᠬᠣᠵᠢᠳ ᠬᠠᠪᠤᠷ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠲᠤᠰᠬᠠᠢ ᠮᠡᠳᠡᠭᠳᠡᠯ ᠪᠣᠯᠣᠨ ᠣᠨ᠎ᠤ ᠠᠵᠢᠯ᠎ᠤᠨ ᠭᠣᠣᠯᠳᠠᠯᠭ᠎ᠠ ᠵᠢ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭ᠎ᠠ ᠎ᠶᠢ ᠨᠠᠢᠳᠠᠪᠤᠷᠢᠵᠢᠭᠤᠯᠬᠤ᠂ ᠬᠡᠮ ᠰᠤᠭᠤᠬ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠂ ᠬᠡᠭᠡᠷ᠎ᠡ ᠭᠠᠳᠠᠨ᠎ᠠ ᠲᠦᠢᠮᠡᠷ᠎ᠦᠨ ᠡᠬᠢ ᠎ᠶᠢ ᠬᠠᠮᠢᠶᠠᠷᠤᠨ ᠡᠵᠡᠮᠳᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ ᠠᠵᠢᠯ᠎ᠤᠨ ᠡᠭᠦᠷᠭᠡ᠎ᠪᠡᠨ ᠨᠠᠷᠢᠯᠢᠭ᠍ᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠱᠠᠭᠠᠷᠳᠠᠯᠭ᠎ᠠ᠎ᠶᠢ ᠲᠣᠳᠣᠷᠬᠠᠢᠯᠠᠪᠠ᠃ ᠡᠭᠦᠨ᠎ᠦ ᠬᠠᠮᠲᠤ᠂ 《ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠳᠦᠷᠢᠮ》᠎ᠤᠨ ᠲᠠᠢᠯᠤᠮᠵᠢ ᠪᠣᠯᠪᠠᠰᠤᠷᠠᠯ ᠥᠷᠨᠢᠭᠦᠯᠵᠦ᠂ ᠥᠪᠥᠷ ᠮᠣᠩᠭᠣᠯ᠎ᠤᠨ 2200 ᠭᠠᠷᠤᠢ ᠺᠠᠳ᠋ᠷ ᠠᠵᠢᠯᠲᠠᠨ ᠪᠣᠯᠪᠠᠰᠤᠷᠠᠯ᠎ᠳᠤ ᠣᠷᠣᠯᠴᠠᠵᠤ᠂ ᠬᠠᠤᠯᠢ ᠶᠣᠰᠣᠭᠠᠷ ᠲᠦᠢᠮᠡᠷ ᠎ᠢ ᠰᠡᠷᠭᠡᠢᠯᠡᠬᠦ᠂ ᠰᠢᠨᠵᠢᠯᠡᠬᠦ ᠤᠬᠠᠭᠠᠨᠴᠢ᠎ᠪᠠᠷ ᠲᠦᠢᠮᠡᠷ ᠎ᠢ ᠡᠵᠡᠮᠳᠡᠬᠦ᠂ ᠠᠮᠤᠷ ᠲᠦᠪᠰᠢᠨ ᠥᠨᠳᠥᠷ ᠪᠦᠲᠦᠮᠵᠢᠲᠡᠶ ᠪᠡᠷ ᠲᠦᠢᠮᠡᠷ᠎ᠢ ᠤᠨᠲᠠᠷᠠᠭᠠᠬᠤ ᠴᠢᠳᠠᠪᠤᠷᠢ᠎ᠶᠢᠨ ᠲᠦᠪᠰᠢᠨ ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠣᠳᠣᠬᠠᠨ᠎ᠳᠤ᠂ ᠬᠠᠪᠤᠷ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ ᠨᠢᠭᠡᠨᠲᠡ ᠵᠠᠩᠭᠢᠯᠠᠭ᠎ᠠ ᠎ᠶᠢᠨ ᠱᠠᠲᠤᠨ᠎ᠳᠤ ᠣᠷᠣᠪᠠ᠂ ᠥᠪᠥᠷ ᠮᠣᠩᠭᠣᠯ ᠤ᠋ᠨ 1100 ᠭᠠᠷᠤᠢ ᠭᠠᠯ ᠰᠡᠷᠭᠡᠢᠯᠡᠬᠦ ᠪᠠᠢᠴᠠᠭᠠᠯᠲᠠ᠎ᠶᠢᠨ ᠦᠷᠳᠡᠭᠡ᠂ 540 ᠭᠠᠷᠤᠢ ᠬᠠᠷᠠᠭᠤᠯ᠎ᠤᠨ ᠴᠡᠭ ᠪᠦᠬᠦᠯᠢ ᠡᠳᠦᠷ᠎ᠢᠶᠡᠷ ᠵᠢᠵᠢᠭᠦᠷᠯᠡᠵᠦ ᠂ 3.7 ᠲᠦᠮᠡ ᠭᠠᠷᠤᠢ ᠭᠠᠯ ᠤᠨᠲᠠᠷᠠᠭᠠᠬᠤ ᠬᠦᠴᠦᠨ ᠠᠵᠢᠯ ᠎ᠤᠨ ᠪᠠᠢᠷᠢ ᠎ᠳᠠᠭᠠᠨ ᠵᠠᠷᠯᠢᠭ᠋ ᠬᠦᠯᠢᠶᠡᠵᠦ᠂ 《ᠠᠭᠤᠯᠠ᠎ᠶᠢ ᠪᠢᠲᠡᠭᠦᠮᠵᠢᠯᠡᠵᠦ᠂ ᠱᠤᠭᠤᠮ᠎ᠢ ᠴᠠᠭᠳᠠᠵᠤ᠂ ᠬᠥᠮᠥᠨ᠎ᠢ ᠠᠩᠬᠠᠷᠬᠤ》 ᠰᠡᠷᠭᠡᠢᠯᠡᠨ ᠡᠵᠡᠮᠳᠡᠬᠦ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠭᠠᠯ᠎ᠤᠨ ᠠᠶᠤᠯ ᠎ᠤᠨ ᠭᠡᠮ ᠰᠣᠭᠣᠭ ᠎ᠢ ᠴᠢᠩᠭ᠎ᠠ ᠰᠡᠷᠭᠡᠢᠯᠡᠨ ᠰᠠᠬᠢᠵᠤ ᠬᠣᠷᠢᠭ᠍ᠯᠠᠨ᠎ᠠ᠃

ᠢᠷᠡᠯᠲᠡ᠄ ᠤᠮᠠᠷᠠᠲᠤ ᠵᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号