ᠤᠮᠠᠷᠠᠲᠤ ᠬᠢᠯᠢ ᠵᠢᠨ ᠠᠮᠤᠷ ᠲᠦᠪᠰᠢᠨ᠎ᠤ ᠪᠠᠳᠤ ᠰᠠᠬᠢᠶ᠎ᠠ
2026-03-11 09:53:34
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠥᠯᠥᠨ ᠪᠤᠢ᠌ᠷ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ᠂ 1733.32 ᠺᠢᠯᠤᠮᠸᠲᠷ᠎ᠤᠨ ᠬᠢᠯᠢ᠎ᠶ᠋ᠢᠨ ᠱᠤᠭᠤᠮ ᠮᠤᠷᠤᠯᠵᠠᠨ ᠰᠤᠨᠤᠯᠵᠠᠵᠤ᠂ ᠲᠠᠯ᠎ᠠ ᠨᠤᠲᠤᠭ ᠤᠢ ᠱᠢᠭᠤᠢ ᠪᠣᠯᠤᠨ  ᠬᠢᠯᠢ᠎ᠶ᠋ᠢᠨ ᠬᠥᠱᠢᠢ᠎ᠡ᠎ᠶ᠋ᠢ ᠬᠣᠯᠪᠣᠵᠤ ᠪᠠᠢᠳᠠᠭ᠃ ᠲᠤᠬᠠᠢ᠎ᠶ᠋ᠢᠨ ᠭᠠᠵᠠᠷ᠎ᠤᠨ ᠬᠢᠨ ᠤᠯᠠᠨ ᠲᠦᠮᠡᠨ ᠬᠢᠯᠢ ᠬᠢᠵᠠᠭᠠᠷ᠎ᠢ ᠰᠠᠬᠢᠬᠤ᠂ ᠴᠠᠭ᠍ᠳᠠᠭ᠎ᠠ ᠠᠷᠠᠳ ᠬᠢᠯᠢ ᠬᠢᠵᠠᠭᠠᠷ᠎ᠢ ᠬᠠᠮᠠᠭᠠᠯᠠᠬᠤ᠂ ᠪᠠᠢᠭᠤᠯᠤᠯ ᠲᠣᠭ᠍ᠲᠠᠴᠠ᠎ᠪᠠᠷ ᠬᠢᠯᠢ ᠬᠢᠵᠠᠭᠠᠷ᠎ᠢ ᠬᠦᠴᠦᠷᠬᠡᠭ᠌ᠵᠢᠭᠦᠯᠬᠦ᠂ ᠠᠮᠤᠷ ᠲᠦᠪᠱᠢᠨ᠎ᠢᠶᠡᠷ ᠬᠢᠯᠢ ᠬᠢᠵᠠᠭᠠᠷ᠎ᠢ ᠪᠡᠬᠢᠵᠢᠭᠦᠯᠬᠦ᠂ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠵᠢ ᠲᠡᠷᠢᠬᠦᠨ ᠳ᠋ᠤ ᠲᠠᠯᠪᠢᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠡᠪᠳᠡᠷᠡᠰᠢ ᠦᠭᠡᠢ ᠪᠠᠲᠤ ᠪᠡᠬᠢ ᠠᠮᠤᠷ ᠲᠦᠪᠱᠢᠨ᠎ᠦ ᠬᠠᠯᠬᠠᠪᠴᠢ᠎ᠶ᠋ᠢ ᠴᠣᠭ᠍ᠴᠠᠯᠠᠠ᠂ ᠬᠢᠯᠢ ᠬᠢᠵᠠᠭᠠᠷ᠎ᠢ ᠰᠠᠬᠢᠬᠤ᠂ ᠬᠢᠯᠢ ᠬᠢᠵᠠᠭᠠᠷ᠎ᠢ ᠬᠠᠮᠠᠭᠠᠯᠠᠬᠤ᠂ ᠬᠢᠯᠢ ᠬᠢᠵᠠᠭᠠᠷ᠎ᠢ ᠬᠠᠢᠷᠠᠯᠠᠬᠤ ᠴᠠᠭ ᠦᠶ᠎ᠡ᠎ᠶ᠋ᠢᠨ ᠢᠷᠠᠭᠤ ᠲᠤᠤᠯᠢᠰ᠎ᠢ ᠪᠢᠴᠢᠭ᠌ᠯᠡᠯ᠎ᠠ᠃

ᠲᠠᠯ᠎ᠠ ᠨᠤᠲᠤᠭ᠎ᠲᠤ 《ᠠᠮᠢᠳᠤ ᠬᠢᠯᠢ᠎ᠶ᠋ᠢᠨ ᠬᠥᠱᠢᠶ᠎ᠡ》 ᠰᠦᠨᠳᠡᠷᠯᠡᠪᠡ

ᠥᠷᠯᠥᠭᠡ ᠡᠷᠲᠡ᠂ ᠱᠢᠨ᠎ᠡ ᠪᠠᠷᠭᠤ ᠪᠠᠷᠠᠭᠤᠨ ᠬᠣᠱᠢᠭᠤᠨ᠎ᠤ ᠪᠤᠢᠷ ᠰᠤᠮᠤᠨ᠎ᠤ 56 ᠨᠠᠰᠤᠲᠠᠢ ᠮᠠᠯᠴᠢᠨ ᠲᠦᠮᠡᠨ ᠳᠤᠷᠠᠨ᠎ᠢᠶᠠᠨ ᠡᠪᠦᠷᠲᠦᠯᠡᠠ ᠮᠤᠷᠢᠨ ᠳ᠋ᠠᠭᠠᠨ ᠮᠤᠷᠲᠠᠵᠤ᠂ ᠬᠢᠯᠢ ᠴᠠᠭ᠍ᠳᠠᠬᠤ ᠵᠠᠮ᠎ᠢ ᠴᠢᠭᠯᠡᠪᠠ᠃ 《ᠮᠣᠩᠭᠣᠯ ᠭᠡᠷ᠎ᠢ ᠬᠠᠷᠠᠭᠤᠯ᠎ᠤᠨ ᠭᠠᠵᠠᠷ ᠪᠣᠯᠭᠠᠵᠤ᠂ ᠮᠠᠯ ᠮᠠᠯᠵᠢᠬᠤ ᠱᠤᠭᠤᠮ᠎ᠢ ᠴᠠᠭ᠍ᠳᠠᠨ ᠲᠣᠭᠣᠷᠢᠬᠤ ᠵᠠᠮ ᠱᠤᠭᠤᠮ ᠪᠣᠯᠭᠠᠨ᠎ᠠ》᠂ ᠡᠨᠡ ᠬᠦ᠌ ᠲᠠᠩᠭᠠᠷᠢᠭ᠎ᠢ ᠲᠡᠭᠦᠨ᠎ᠦ ᠭᠤᠷᠪᠠᠨ ᠦᠶ᠎ᠡ᠎ᠶ᠋ᠢᠨ ᠬᠥᠮᠦᠰ 100 ᠱᠢᠬᠠᠮ ᠵᠢᠯ ᠪᠠᠲᠤ ᠰᠠᠬᠢᠪᠠ᠃


6fcf71bd-d102-4702-b82b-a2ed95c505c2.png


ᠠᠪᠤᠷᠠᠨ ᠲᠤᠰᠠᠯᠠᠯᠳᠠ


ᠲᠦᠮᠡᠨ᠎ᠦ ᠬᠢᠨ ᠡᠪᠦᠭᠡ᠎ᠶ᠋ᠢᠨ ᠦᠶ᠎ᠡ᠎ᠡᠴᠡ  ᠪᠡᠨ ᠡᠬᠢᠯᠡᠨ 60 ᠭᠠᠷᠤᠢ ᠺᠢᠯᠤᠮᠸᠲᠷ᠎ᠤᠨ ᠬᠢᠯᠢ᠎ᠶ᠋ᠢᠨ ᠱᠤᠭᠤᠮ᠂ 8 ᠬᠢᠯᠢ᠎ᠶ᠋ᠢᠨ ᠬᠥᠱᠢᠢ᠎ᠡ᠎ᠶ᠋ᠢ ᠪᠤᠤᠬᠢᠶ᠎ᠠ ᠳᠠᠮᠵᠢᠭᠤᠯᠤᠨ ᠰᠠᠬᠢᠵᠤ᠂ ᠬᠢᠯᠢ ᠴᠠᠭ᠍ᠳᠠᠭᠰᠠᠨ ᠵᠠᠮ᠎ᠤᠨ ᠤᠷᠳᠤ ᠨᠢ ᠨᠡᠢᠳᠡ 10 ᠲᠦᠮᠡᠨ ᠺᠢᠯᠤᠮᠸᠲᠷ᠎ᠢ ᠳᠠᠪᠠᠵᠠᠢ᠃ ᠡᠪ ᠬᠠᠮᠲᠤ ᠨᠠᠮ᠎ᠤᠨ ᠭᠡᠱᠢᠭᠦᠨ᠂ 《ᠬᠤᠪᠢᠰᠭᠠᠯᠳᠤ ᠪᠡᠬᠢᠯᠡᠯᠲᠡ ᠵᠢᠨ ᠡᠷᠦᠬᠡ》 ᠪᠣᠯᠤᠭ᠍ᠰᠠᠨ᠎ᠤ ᠬᠤᠪᠢ᠎ᠳᠤ᠂ ᠲᠦᠮᠡᠨ ᠪᠣᠯᠤᠨ ᠲᠡᠭᠦᠨ᠎ᠦ ᠡᠬᠡᠨᠡᠷ ᠰᠦᠸᠸ ᠯᠢ ᠬᠢᠯᠢ ᠬᠢᠵᠠᠭᠠᠷ᠎ᠲᠤ ᠬᠣᠯᠪᠣᠭ᠍ᠳᠠᠭ᠍ᠰᠠᠨ ᠰᠦᠪᠡᠭ᠌ᠴᠢ ᠵᠢ ᠨᠡᠢᠲᠡ 100 ᠭᠠᠷᠤᠶ ᠬᠠᠩᠭᠠᠵᠤ᠂ ᠬᠠᠤᠯᠢ᠎ᠠᠴᠠ ᠵᠥᠷᠢᠴᠡᠭ᠌ᠰᠡᠨ 100 ᠭᠠᠷᠤᠶ ᠬᠥᠮᠦᠨ᠎ᠢ  ᠪᠠᠷᠢᠪᠴᠢᠯᠠᠬᠤ ᠳ᠋ᠤ ᠬᠠᠪᠰᠤᠷᠴᠤ᠂ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠪᠡᠷ ᠦᠨᠡᠯᠡᠭ᠌ᠳᠡᠵᠠᠢ᠃ 《ᠲᠤᠰ ᠢᠷᠠᠭᠤ ᠠᠯᠳᠠᠷ ᠪᠤᠯ ᠭᠡᠷ ᠪᠦᠯᠢ ᠪᠠᠨ ᠬᠢᠯᠢ᠎ᠶ᠋ᠢᠨ ᠱᠤᠭᠤᠮ ᠳᠡᠭᠡᠷ᠎ᠡ ᠪᠤᠰᠬᠠᠭᠰᠠᠨ 〈ᠠᠮᠢᠳᠤ ᠬᠢᠯᠢ᠎ᠶ᠋ᠢᠨ ᠬᠥᠱᠢᠢ᠎ᠡ〉 ᠪᠦᠬᠦᠨ᠎ᠤ ᠬᠢ ᠶᠤᠮ》 ᠬᠡᠵᠦ ᠲᠦᠮᠡᠨ ᠡᠷᠡᠰ ᠪᠠᠲᠤ᠌ ᠬᠡᠯᠡᠯ᠎ᠡ᠃ ᠲᠡᠭᠦᠨ᠎ᠦ ᠳᠠᠭᠠᠭᠤᠯᠭ᠎ᠠ ᠳᠤᠤᠷ᠎ᠠ 44 ᠮᠠᠯᠵᠢᠬᠤ ᠡᠷᠦᠬᠡ ᠰᠠᠨᠠᠭᠠᠴᠢᠯᠠᠭ᠎ᠠ᠎ᠠᠴᠠ᠎ᠪᠠᠨ ᠬᠢᠯᠢ ᠬᠠᠮᠠᠭᠠᠯᠠᠬᠤ ᠡᠩᠨᠡᠭᠡᠨ᠎ᠳᠦ ᠣᠷᠣᠯᠴᠠᠪᠠ᠃

ᠮᠢᠩᠭᠠᠨ ᠭᠠᠵᠠᠷ᠎ᠤᠨ ᠬᠢᠯᠢ ᠵᠢᠨ ᠱᠤᠭᠤᠮ ᠳᠡᠭᠡᠷ᠎ᠡ  ᠭᠠᠵᠠᠷ ᠪᠣᠯᠭᠠᠨ ᠳ᠋ᠤ ᠡᠢᠮᠦ᠍ᠷᠬᠦᠦ ᠪᠠᠷ᠎ᠠ ᠬᠠᠷᠠᠭ᠍ᠳᠠᠯᠲᠠᠢ᠃ 《ᠡᠨᠳᠡᠬᠢ ᠬᠥᠮᠦᠨ ᠠᠮᠠ ᠴᠥᠭᠡᠨ ᠪᠣᠯᠪᠠᠴᠤ᠌ ᠬᠠᠷᠢᠭᠤᠴᠠᠯᠭ᠎ᠠ ᠬᠦᠨᠲᠤ᠂ ᠡᠷᠦᠬᠡ ᠪᠣᠯᠭᠠᠨ ᠴᠥᠮ 〈ᠬᠢᠯᠢ ᠵᠢᠨ ᠨᠢᠳᠦ〉 ᠪᠤᠯᠵᠤ ᠪᠤᠢ ᠁》 ᠭᠡᠵᠦ᠍ ᠬᠢᠯᠢ ᠬᠠᠮᠠᠭᠠᠯᠠᠭ᠍ᠴᠢ ᠲᠦᠪᠱᠢᠨᠵᠢᠷᠭᠠᠯ ᠬᠡᠯᠡᠪᠡ᠃ ᠲᠡᠬᠦᠨ᠎ᠤ ᠬᠡᠯᠡᠬᠦ ᠪᠡᠷ᠂ 1000 ᠭᠠᠷᠤᠶ ᠬᠢᠯᠢ ᠬᠠᠮᠠᠭᠠᠯᠠᠭ᠍ᠴᠢ ᠪᠤᠯ 《ᠮᠢᠡᠭᠭᠠᠨ ᠭᠠᠵᠠᠷ ᠤ᠋ᠨ  ᠬᠢᠯᠢ ᠵᠢᠨ ᠱᠤᠭᠤᠮ ᠳ᠋ᠡᠬᠢ ᠭᠡᠲᠡᠭᠡᠴᠢ ᠪᠠ ᠴᠢᠩᠨᠠᠭᠠᠴᠢ》 ᠮᠦᠨ᠃ 52 ᠨᠠᠰᠤᠲᠠᠶ ᠨᠠᠶᠠᠨᠲᠠᠶ 7 ᠵᠢᠯ ᠬᠢᠯᠢ ᠴᠠᠭ᠍ᠳᠠᠵᠤ ᠬᠡᠳᠦᠨ ᠮᠢᠩᠭᠠᠨ ᠺᠢᠯᠣᠮᠧᠲ᠋ᠷ ᠠᠶᠠᠯᠠᠨ᠂ ᠬᠠᠤᠯᠢ ᠪᠤᠰᠤ᠎ᠪᠠᠷ ᠬᠢᠯᠢ᠎ᠳᠦ ᠣᠷᠣᠵᠤ ᠢᠷᠡᠭ᠌ᠰᠡᠨ 7 ᠬᠥᠮᠦᠨ᠎ᠢ ᠠᠮᠵᠢᠯᠲᠠ ᠲᠠᠶ ᠬᠣᠷᠢᠭ᠍ᠯᠠᠵᠤ᠂ ᠬᠢᠯᠢ ᠬᠢᠵᠠᠭᠠᠷ᠎ᠢ  ᠦᠨᠡᠨᠴᠢ ᠱᠢᠳᠤᠷᠭᠤ ᠪᠡᠷ ᠪᠠᠳᠤ ᠰᠠᠬᠢᠬᠤ ᠵᠢ ᠪᠤᠳᠠᠳᠤ ᠠᠵᠢᠯᠯᠠᠭ᠎ᠠ ᠪᠡᠷ ᠵᠢᠡᠨ ᠲᠠᠢᠯᠪᠤᠷᠢᠯᠠᠵᠠᠢ᠃

ᠴᠠᠭ᠍ᠳᠠᠭ᠎ᠠ ᠠᠷᠠᠳ ᠰᠡᠳᠭᠢᠯ ᠨᠢᠭᠡᠳᠦᠨ ᠬᠢᠯᠢ ᠬᠢᠵᠠᠭᠠᠷ᠎ᠢ ᠪᠡᠬᠢᠵᠢᠭᠦᠯᠪᠡ

ᠴᠠᠭᠠᠨ ᠰᠠᠷ᠎ᠠ᠎ᠠᠴᠠ ᠡᠮᠦᠨᠡᠬᠡᠨ ᠤᠮᠠᠷᠠᠳᠤ ᠵᠢᠨ ᠡᠭᠡ ᠭᠠᠵᠠᠷ ᠲᠸ᠋ ᠠᠭᠤᠷ ᠠᠮᠢᠰᠬᠤᠯ ᠮᠦᠨ ᠬᠠᠬᠢᠷ ᠬᠦᠢᠳᠡᠨ ᠪᠠᠢᠯ᠎ᠠ᠃ ᠪᠠᠶᠠᠨᠳᠡᠷᠡᠰᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠨᠠᠷ ᠠᠮᠢᠳᠤᠷᠠᠯ᠎ᠤᠨ ᠡᠳ᠋ ᠪᠣᠳᠠᠰ᠎ᠢᠶᠠᠨ ᠠᠪᠴᠤ᠌᠂ ᠰᠠᠭᠤᠭᠠᠯᠢ ᠠᠷᠠᠳ ᠯᠢ ᠼᠦᠨ ᠰᠦᠸᠸ ᠵᠢᠨ ᠭᠡᠷ᠎ᠲᠦ ᠬᠦᠷᠴᠦ ᠢᠷᠡᠵᠡᠢ᠃ 《ᠪᠢᠳᠡ ᠪᠦᠷ 20 ᠭᠠᠷᠤᠢ ᠵᠢᠯ ᠡᠢᠨ ᠬᠦ᠌ ᠰᠠᠢᠬᠠᠨ ᠬᠠᠮᠵᠢᠯᠴᠠᠵᠤ ᠢᠷᠡᠵᠡᠢ᠂ ᠪᠢᠳᠡ ᠶᠠᠮᠠᠷ ᠬᠦᠰᠡᠯ ᠱᠠᠭᠠᠷᠳᠠᠯᠭ᠎ᠠ ᠪᠠᠢᠪᠠᠯ ᠲᠠᠳᠡ ᠲᠠᠷᠤᠢᠬᠠᠨ ᠢᠷᠡᠵᠦ ᠬᠠᠪᠰᠤᠷᠳᠠᠭ》 ᠭᠡᠵᠦ᠍ ᠯᠢ ᠼᠦᠨ ᠰᠦᠸᠸ  ᠰᠡᠳᠬᠢᠯ ᠲᠤᠭᠳᠤᠯᠤᠨ ᠬᠡᠯᠡᠵᠦ ᠪᠠᠢᠯ᠎ᠠ᠃  ᠯᠢ ᠠᠪᠠᠭ᠎ᠠ ᠵᠢᠯ ᠲᠤᠷᠰᠢ ᠮᠠᠨ ᠳ᠋ᠤ ᠨᠣᠭᠣᠭ᠎ᠠ ᠴᠠᠭ᠎ᠠ ᠬᠦᠷᠭᠡᠵᠦ᠍᠂ ᠬᠢᠯᠢ᠎ᠵᠢᠨ ᠬᠠᠮᠠᠭᠠᠯᠠᠯᠳᠠ ᠵᠢᠨ ᠦᠢᠯᠡᠰ ᠲᠸ᠋ ᠬᠠᠯᠠᠭᠤᠨ ᠬᠠᠢᠷ᠎ᠠ ᠪᠠᠨ ᠬᠠᠷᠠᠮ ᠦᠭᠡᠢ ᠡᠷᠬᠦᠨᠡᠮ ᠬᠡᠵᠦ ᠠᠷᠠᠳ᠎ᠤᠨ ᠴᠠᠭᠳᠠᠭ᠎ᠠ ᠦᠭᠡᠨ᠎ᠤ ᠤᠭᠤᠳᠠ ᠲᠡᠯᠭᠡᠨ᠎ᠡ᠃ 《ᠡᠨᠡ ᠪᠣᠯ ᠵᠢᠭᠠᠰᠤ ᠤᠰᠤᠨ᠎ᠤ ᠭᠦᠨ ᠵᠤᠵᠠᠭᠠᠨ ᠬᠠᠢᠷ᠎ᠠ ᠰᠡᠳᠭᠢᠯᠭᠡ ᠮᠥᠨ᠂  ᠪᠢᠳᠡᠨ᠎ᠤ ᠠᠯᠢᠪᠠ ᠴᠢᠷᠮᠠᠢᠯᠭ᠎ᠠ  ᠴᠥᠮ ᠦᠨ᠎ᠠ ᠦᠷᠳᠡᠭ ᠲᠠᠢ ᠰᠠᠨᠠᠭ᠍ᠳᠠᠵᠤ ᠪᠠᠢᠨ᠎ᠠ》 ᠬᠡᠵᠤ ᠪᠠᠶᠠᠨᠳᠡᠷᠡᠰᠤ ᠬᠢᠯᠢ᠎ᠶ᠋ᠢᠨ ᠲᠤᠮᠢᠯᠠᠭᠰᠠᠨ ᠰᠠᠯᠪᠤᠷᠢ ᠵᠢᠨ ᠳᠡᠳ᠋ ᠳᠠᠷᠤᠭ᠎ᠠ ᠵᠢᠶᠠ ᠴᠦᠨ ᠴᠧᠨ ᠠᠷᠠᠳ᠎ᠤᠨ ᠴᠠᠭ᠍ᠳᠠᠭ᠎ᠠ᠎ᠪᠦᠬᠦᠨ᠎ᠤ ᠰᠡᠳᠭᠢᠯ᠎ᠦᠨ ᠦᠭᠡ᠎ᠶ᠋ᠢ ᠬᠡᠯᠡᠵᠦ᠍ ᠭᠠᠷᠭᠠᠪᠠ᠃


b1bd5f94-1d95-4097-a9e9-c6106af26198.png


ᠲᠦᠮᠠᠨ ᠬᠡᠷᠬᠡᠢ ᠲᠠᠢ ᠪᠠᠨ ᠬᠠᠮᠲᠤ


2025 ᠣᠨ᠎ᠤ ᠰᠡᠭᠦᠯᠴᠢ᠎ᠪᠡᠷ ᠶᠡᠬᠡ ᠴᠠᠰᠤ ᠰᠢᠭᠤᠷᠭ᠎ᠠ ᠭᠠᠷᠬᠤ ᠳ᠋ᠤ᠂ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ 《ᠴᠠᠭ᠍ᠳᠠᠨ ᠪᠠᠢᠴᠠᠭᠠᠬᠤ + ᠠᠪᠤᠷᠠᠨ ᠲᠤᠰᠠᠯᠠᠬᠤ》 ᠠᠵᠢᠯᠯᠠᠭ᠎ᠠ᠎ᠶ᠋ᠢ ᠡᠬᠢᠯᠡᠭᠦᠯᠵᠦ᠍᠂ ᠠᠷᠠᠳ᠎ᠤᠨ ᠴᠠᠭ᠍ᠳᠠᠭ᠎ᠠ ᠪᠣᠯᠤᠨ ᠬᠢᠯᠢ ᠬᠠᠮᠠᠭᠠᠯᠠᠭ᠍ᠴᠢ ᠰᠠᠯᠬᠢ ᠱᠢᠭᠤᠷᠭᠠᠨ᠎ᠢ ᠰᠥᠷᠴᠦ᠍ ᠴᠠᠭ᠍ᠳᠠᠨ ᠪᠠᠢᠴᠠᠭᠠᠬᠤ ᠰᠡᠷᠭᠡᠢᠯᠡᠯᠲᠡ᠎ᠶ᠋ᠢᠨ ᠱᠤᠭᠤᠮ᠎ᠢ ᠪᠠᠳᠤ ᠴᠤᠭᠴᠠᠯᠠᠵᠤ᠂ ᠬᠢᠯᠢ ᠬᠢᠵᠠᠭᠠᠷ᠎ᠤᠨ ᠤᠯᠠᠨ ᠲᠦᠮᠡᠨ᠎ᠤ ᠴᠠᠭᠠᠨ ᠰᠠᠷ᠎ᠠ ᠪᠠᠨ ᠠᠮᠤᠷ ᠲᠦᠪᠰᠢᠨ ᠪᠠᠶᠠᠷ ᠪᠠᠶᠠᠰᠤᠯ ᠲᠠᠢ ᠦᠩᠭᠡᠷᠡᠬᠦᠯᠬᠦ ᠵᠢ ᠪᠠᠳᠤᠯᠠᠪᠠ᠃ ᠪᠦᠬᠦ᠌ ᠵᠢᠯ᠎ᠳᠦ ᠠᠷᠠᠳ᠎ᠤᠨ ᠴᠠᠭᠳᠠᠭ᠎ᠠ᠂ ᠬᠢᠯᠢ ᠵᠢᠨ ᠬᠠᠮᠠᠭᠠᠯᠠᠭᠴᠢ ᠨᠠᠷ 7200 ᠭᠠᠷᠤᠢ ᠤᠳᠠᠭ᠎ᠠ ᠴᠠᠭ᠍ᠳᠠᠨ ᠲᠣᠭᠣᠷᠢᠵᠤ᠂ 300 ᠭᠠᠷᠤᠢ ᠬᠦᠮᠦᠨ ᠤᠳᠠᠭ᠎ᠠ ᠵᠢ ᠠᠪᠤᠷᠠᠨ ᠲᠤᠰᠠᠯᠠᠵᠤ᠂ 200 ᠭᠠᠷᠤᠢ ᠲᠦᠮᠡᠨ ᠲᠥᠭᠥᠷᠢᠭ᠎ᠦᠨ ᠬᠣᠬᠢᠷᠠᠯ ᠎ᠢ ᠡᠭᠡᠭᠦᠯᠦᠨ ᠠᠪᠴᠢᠷᠠᠵᠤ ᠦᠭᠴᠡᠢ᠃ 《ᠨᠠᠶ᠋ᠮᠠᠨ ᠪᠠᠭ᠎ᠠ ᠴᠠᠭ᠍ᠳᠠᠭᠠᠨ᠎ᠤ ᠶᠠᠪᠤᠳᠠᠯ》᠂ 《ᠲᠠᠯ᠎ᠠ ᠨᠤᠲᠤᠭ᠎ᠤᠨ ᠡᠶᠡᠯᠳᠡᠭ ᠬᠥᠷᠰᠢ》᠂ 《ᠵᠥᠬᠡᠶ᠎ᠶ᠋ᠢᠨ ᠡᠭᠦᠷ᠎ᠦᠨ ᠴᠠᠭ᠍ᠳᠠᠭᠠᠨ᠎ᠤ ᠶᠠᠪᠤᠳᠠᠯ᠎ᠤᠨ ᠠᠩᠭᠢ》᠂ 《ᠲᠠᠯ᠎ᠠ ᠨᠤᠲᠤᠭ᠎ᠤᠨ ᠪᠦᠷᠭᠦᠳ᠎ᠦᠨ ᠨᠢᠳᠦ》 ᠨᠢ ᠣᠨᠣᠪᠴᠢᠲᠠᠶ᠎ᠪᠠᠷ ᠬᠦᠴᠦᠯᠡᠵᠦ᠍᠂ ᠵᠥᠷᠢᠴᠡᠯ᠎ᠢ ᠲᠤᠬᠠᠶ᠎ᠶ᠋ᠢᠨ ᠭᠠᠵᠠᠷ᠎ᠲᠤᠨᠢ ᠱᠢᠶ᠋ᠳᠪᠦᠷᠢᠯᠡᠠ᠂ ᠬᠢᠯᠢ ᠬᠢᠵᠠᠭᠠᠷ ᠎ᠤ᠋ᠨ ᠠᠮᠤᠷ ᠲᠣᠭ᠍ᠲᠠᠭᠤᠨ ᠡᠮᠬᠢ ᠵᠢᠷᠤᠮ᠎ᠢ ᠪᠠᠳᠤᠯᠠᠪᠠ᠃

ᠪᠦᠬᠦ᠌ ᠬᠣᠲᠠ᠎ᠪᠡᠷ 《ᠨᠠᠮ ᠵᠠᠰᠠᠭ ᠴᠡᠷᠢᠭ ᠴᠠᠭ᠍ᠳᠠᠭ᠎ᠠ ᠠᠷᠠᠳ》 ᠤ᠋ᠨ ᠬᠦᠴᠦᠨ᠎ᠢ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠬᠦ᠌ ᠪᠠᠢᠷᠢᠯᠠᠭᠤᠯᠤᠯᠲᠠ᠎ᠶ᠋ᠢ ᠪᠠᠢᠭᠤᠯᠵᠤ᠂ 《ᠠᠷᠠᠳ᠎ᠤᠨ ᠴᠠᠭ᠍ᠳᠠᠭ᠎ᠠ + ᠬᠢᠯᠢ ᠬᠠᠮᠠᠭᠠᠯᠠᠭ᠍ᠴᠢ》 ᠶ᠋ᠢᠨ ᠳᠠᠭᠠᠯᠲᠠ ᠴᠠᠭ᠍ᠳᠠᠨ ᠪᠠᠢᠴᠠᠭᠠᠬᠤ᠎ᠲᠦᠷᠢᠮ᠎ᠢ ᠬᠡᠷᠡᠭ᠌ᠵᠢᠭᠦᠯᠵᠦ᠍᠂ 86 ᠨᠠᠮ ᠎ᠤᠨ ᠬᠡᠰᠢᠬᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠳᠡᠰ ᠳᠡᠪᠱᠢᠭᠦᠯᠵᠦ᠍᠂ 《ᠪᠠᠭ᠎ᠠ ᠶᠠᠪᠤᠳᠠᠯ᠎ᠢ ᠭᠠᠴᠠᠭ᠎ᠠ᠎ᠠᠴᠠ ᠭᠠᠷᠭᠠᠬᠤ ᠦᠭᠡᠢ᠂ ᠶᠡᠬᠡ ᠶᠠᠪᠤᠳᠠᠯ᠎ᠢ ᠰᠤᠮᠤ᠎ᠠᠴᠠ ᠭᠠᠷᠭᠠᠬᠤ ᠦᠭᠡᠢ》 ᠪᠠᠢᠬᠤ ᠶ᠋ᠢ ᠪᠡᠶᠡᠯᠡᠭᠦᠯᠵᠠᠢ᠃ ᠰᠠᠭᠤᠷᠢ ᠬᠠᠮᠢᠶᠠᠷᠤᠨ ᠡᠵᠡᠮᠳᠡᠬᠦ᠌ ᠲᠥᠪ ᠨᠢ 《ᠣᠯᠠᠨ ᠨᠡᠢᠲᠡ᠎ᠶ᠋ᠢᠨ ᠪᠠ ᠬᠢᠯᠢ ᠬᠢᠵᠠᠭᠠᠷ᠎ᠤᠨ ᠬᠠᠷᠢᠯᠴᠠᠨ ᠲᠣᠮᠢᠯᠠᠬᠤ》 ᠶ᠋ᠢ ᠳᠥᠯᠭᠢᠨ ᠠᠬᠢᠭᠤᠯᠵᠤ᠂ ᠪᠥᠬᠥ᠌ ᠰᠦᠯᠵᠢᠶ᠎ᠡ᠎ᠪᠡᠷ ᠬᠠᠮᠲᠤᠷᠠᠨ ᠬᠥᠳᠡᠯᠦᠯᠴᠡᠵᠦ᠍᠂ ᠪᠠᠴᠢᠮ ᠪᠠᠢᠳᠠᠯ᠎ᠢ ᠠᠷᠭᠠᠴᠠᠭᠠᠬᠤ  ᠴᠢᠳᠠᠪᠤᠷᠢ ᠵᠢ ᠶᠡᠭᠡ ᠪᠡᠷ ᠲᠡᠭᠡᠭᠰᠢᠯᠡᠬᠦᠯᠪᠡ᠃ ᠵᠢᠯᠣᠭᠣᠴᠢ ᠥᠬᠡᠶ ᠨᠢᠰᠭᠡᠯ᠂ ᠣᠶᠤᠨᠴᠢ᠎ᠪᠠᠷ ᠬᠢᠨᠠᠨ ᠡᠵᠡᠮᠳᠡᠬᠦ᠌ ᠪᠠ ᠬᠥᠮᠦᠨ᠎ᠦ ᠬᠦᠴᠦᠨ᠎ᠢ ᠤᠶᠠᠯᠳᠤᠭᠤᠯᠵᠤ᠂ ᠪᠣᠰᠣᠭ᠎ᠠ ᠴᠣᠭ᠍ᠴᠠᠲᠤ ᠰᠡᠷᠭᠡᠢᠯᠡᠨ ᠡᠵᠡᠮᠳᠡᠬᠦ᠌ 《ᠠᠮᠤᠷ ᠲᠦᠪᠱᠢᠨ᠎ᠦ ᠲᠤᠤᠷ》 ᠎ᠢ᠋ ᠨᠢᠭ᠍ᠲᠠ ᠰᠦᠯᠵᠢᠪᠡ᠃

ᠠᠷᠠᠳ᠎ᠢ ᠪᠠᠶᠠᠵᠢᠭᠤᠯᠵᠤ ᠠᠷᠠᠳ᠎ᠤᠨ ᠰᠡᠳᠭᠢᠯ᠎ᠢ ᠨᠢᠭᠳᠠᠷᠠᠭᠤᠯᠪᠠ

ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠰᠠᠭᠤᠷᠢ ᠮᠥᠨ᠃ 2025 ᠣᠨ᠎ᠳᠤ᠂ ᠬᠥᠯᠥᠨ ᠪᠣᠢᠷ ᠬᠤᠲᠠ ᠠᠶᠤᠯᠭᠦᠶ ᠦᠶ᠋ᠯᠡᠳᠪᠦᠷᠢᠯᠡᠯ᠎ᠦᠨ ᠦᠨᠳᠦᠰᠦ᠎ᠡᠴᠡ᠎ᠨᠢ ᠵᠠᠰᠠᠬᠤ ᠪᠣᠭᠣᠮᠲᠠ ᠱᠢᠪᠲᠤᠯᠬᠤ᠎ᠶ᠋ᠢ ᠠᠬᠢᠭᠤᠯᠵᠤ᠂ ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠪᠦᠷᠢᠨᠱᠢᠭᠦᠯᠵᠦ᠍᠂ ᠠᠭᠤᠷᠬᠠᠶ᠂ ᠠᠶᠤᠯᠲᠠᠶ ᠬᠢᠮᠢ᠎ᠶ᠋ᠢᠨ ᠪᠣᠳᠠᠰ ᠵᠡᠷᠭᠡ ᠬᠦᠷᠢᠶᠡᠨ᠎ᠳᠡᠬᠢ ᠬᠡᠮ ᠰᠣᠭᠣᠭ᠎ᠢ ᠠᠷᠢᠯᠭᠠᠪᠠ᠃ ᠣᠶ ᠱᠢᠭᠤᠶ ᠨᠤᠲᠤᠭ ᠪᠡᠯᠴᠢᠭᠡᠷ᠎ᠦᠨ ᠭᠠᠯ ᠰᠡᠷᠭᠡᠢᠯᠡᠵᠦ᠍ ᠤᠨᠲᠠᠷᠠᠭᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠢᠯᠢ᠎ᠶ᠋ᠢᠨ ᠭᠠᠳᠠᠨᠠᠬᠢ ᠭᠠᠯ᠎ᠤᠨ ᠠᠶᠤᠯ᠎ᠢ 34 ᠤᠳᠠᠭ᠎ᠠ ᠬᠠᠱᠢᠵᠤ᠂ 《ᠬᠢᠯᠢ᠎ᠳᠦ ᠣᠷᠣᠭᠤᠯᠬᠤ ᠥᠬᠡᠶ᠂ ᠬᠢᠯᠢ ᠳ᠋ᠤ ᠡᠭᠦᠰᠬᠡᠭᠦ ᠥᠬᠡᠶ》 ᠪᠠᠢᠬᠤ᠎ᠶ᠋ᠢ ᠪᠡᠶᠡᠯᠡᠭᠦᠯᠵᠠᠢ᠃ ᠦᠶᠡᠷ ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌᠂ ᠭᠠᠵᠠᠷ ᠬᠥᠳᠡᠯᠦᠯᠲᠡ᠎ᠶ᠋ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠎ᠶ᠋ᠢ ᠵᠡᠷᠭᠡ᠎ᠪᠡᠷ ᠬᠦᠴᠦᠯᠡᠵᠦ᠍᠂ ᠡᠳ᠋ ᠪᠣᠳᠠᠰ᠎ᠢ ᠬᠦᠢᠴᠡᠳ ᠨᠦᠭᠡᠴᠡᠯᠡᠵᠦ᠂ ᠰᠣᠷᠢᠯᠲᠠ᠎ᠶ᠋ᠢ ᠪᠠᠢᠩᠭᠤ ᠥᠷᠨᠢᠭᠦᠯᠵᠦ᠍᠂ ᠤᠯᠠᠨ ᠲᠦᠮᠡᠨ᠎ᠦ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠪᠠ᠃

ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ 1.39 ᠲᠦᠮᠡᠨ ᠡᠷᠦᠬᠡ᠎ᠳᠦ ᠱᠢᠭᠤᠳ ᠠᠱᠢᠭ ᠬᠦᠷᠲᠡᠭᠡᠵᠠᠢ᠃ 《ᠨᠠᠮ᠎ᠤᠨ ᠡᠭᠦᠷ + ᠬᠤᠷᠱᠢᠶ᠎ᠠ》 ᠨᠢ ᠬᠠᠮᠲᠤ᠎ᠶ᠋ᠢᠨ ᠠᠵᠤ ᠠᠬᠤᠢ ᠵᠢ ᠪᠤᠵᠠᠭᠠᠢᠷᠠᠭᠤᠯᠵᠤ᠂ ᠤᠨᠴᠠᠯᠢᠬ᠍ᠳᠤ ᠵᠢᠭᠤᠯᠴᠢᠯᠠᠯ᠂ ᠤᠨᠴᠠᠯᠢᠬᠳᠤ ᠠᠵᠤ ᠦᠢᠯᠡᠰ᠎ᠦᠨ ᠠᠱᠢᠭ ᠣᠷᠣᠯᠭ᠎ᠠ ᠵᠢᠨ ᠬᠤᠪᠢᠶᠠᠷᠢᠯᠠᠯᠲᠠ ᠨᠢ ᠬᠢᠯᠢ ᠬᠢᠵᠠᠭᠠᠷ᠎ᠢ ᠰᠠᠬᠢᠵᠤ ᠪᠠᠢᠭ᠎ᠠ ᠤᠯᠠᠨ ᠲᠦᠮᠡᠨ᠎ᠦ ᠣᠷᠣᠯᠭ᠎ᠠ᠎ᠶ᠋ᠢ ᠨᠡᠮᠡᠭ᠌ᠳᠡᠭᠦᠯᠪᠡ᠃ ᠤᠰᠤ ᠴᠠᠬᠢᠯᠭᠠᠨ ᠵᠠᠮ ᠬᠡᠷ ᠪᠠᠢᠱᠢᠩ᠎ᠢ ᠥᠭᠡᠷᠡᠴᠢᠯᠡᠨ ᠪᠠᠢᠭᠤᠯᠬᠤ᠂ ᠴᠠᠬᠢᠯᠭᠠᠨ ᠨᠡᠪᠲᠡᠷᠡᠭᠦᠯᠬᠦ᠌ ᠢᠨᠵᠧᠨᠧᠷᠢᠩ᠎ᠢ ᠨᠡᠢᠳᠡᠮ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠡᠮ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠦ ᠪᠦᠯᠬᠦᠮ ᠦᠨᠳᠦᠰᠦᠨ ᠱᠠᠲᠤᠨ᠎ᠳᠤ ᠭᠦᠨᠵᠡᠭᠡᠢᠷᠡᠨ ᠦᠶ᠋ᠯᠡᠴᠢᠯᠡᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠠᠢ᠃ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ ᠎ᠢ ᠱᠢᠶ᠋ᠳᠪᠦᠷᠢᠯᠡᠬᠦ᠌᠂ ᠰᠤᠷᠤᠯᠭ᠎ᠠ᠎ᠶ᠋ᠢ ᠬᠠᠮᠠᠭᠠᠯᠠᠬᠤ ᠠᠵᠢᠯ᠎ᠤᠨ ᠪᠠᠢᠷᠢ᠎ᠶ᠋ᠢ ᠪᠠᠲᠤ ᠰᠠᠬᠢᠬᠤ᠂ ᠮᠡᠬᠡᠯᠡᠯ᠎ᠢ ᠡᠰᠡᠷᠭᠦᠴᠡᠬᠦ᠌ ᠤᠬᠠᠭᠤᠯᠭ᠎ᠠ᠎ᠶ᠋ᠢ ᠨᠡᠢᠳᠡᠮ ᠬᠡᠷᠡᠭ᠌ᠵᠢᠭᠦᠯᠵᠦ᠍᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠦᠷᠭᠦᠯᠵᠢᠯᠡᠨ ᠳᠡᠭᠡᠭ᠌ᠰᠢᠯᠡᠬᠦᠯᠵᠠᠢ᠃

ᠲᠠᠯ᠎ᠠ ᠨᠤᠲᠤᠭ ᠵᠢᠡᠷ ᠲᠤᠭᠤᠷᠢᠨ ᠪᠠᠢᠴᠠᠭᠠᠭᠰᠠᠨ ᠤᠯᠠ ᠮᠥᠷ᠂ ᠬᠢᠯᠢ᠎ᠶ᠋ᠢᠨ ᠬᠥᠱᠢᠶ᠎ᠡ᠎ᠶ᠋ᠢᠨ ᠪᠠᠳᠤ ᠰᠠᠬᠢᠨ ᠬᠠᠮᠠᠭᠠᠯᠠᠯᠳᠠ 《ᠦᠨᠡᠨᠴᠢ ᠱᠢᠳᠤᠷᠭᠤ》 ᠶᠠᠭᠤ ᠭᠡᠳᠡᠭ᠎ᠢ ᠲᠠᠢᠯᠪᠤᠷᠢᠯᠠᠨ ᠬᠦᠤᠷᠨᠢᠨ᠎ᠡ᠃ ᠭᠤᠷᠪᠠᠨ ᠦᠶ᠎ᠡ᠎ᠶ᠋ᠢᠨ ᠮᠠᠯᠴᠢᠳ᠎ᠤᠨ ᠪᠤᠤᠬᠢᠶ᠎ᠠ ᠳᠠᠮᠵᠢᠭᠤᠯᠤᠨ ᠬᠢᠯᠢ ᠬᠢᠵᠠᠭᠠᠷ᠎ᠢ ᠪᠠᠳᠤ ᠰᠠᠬᠢᠨ ᠬᠠᠮᠠᠭᠠᠯᠠᠭ᠍ᠰᠠᠨ᠎ᠠᠴᠠ ᠴᠠᠭ᠍ᠳᠠᠭ᠎ᠠ ᠠᠷᠠᠳ ᠭᠠᠷ ᠬᠣᠯᠪᠣᠨ ᠰᠡᠳᠭᠢᠯ᠎ᠢᠶᠡᠨ ᠨᠢᠭᠡᠳᠭᠡᠨ ᠬᠦᠴᠦᠨ ᠵᠢᠡᠨ ᠬᠠᠮᠳᠤᠳᠬᠠᠵᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠬᠦᠳᠦᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠬᠦ᠌᠎ᠡᠴᠡ ᠬᠢᠯᠢ ᠬᠢᠵᠠᠭᠠᠷ ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠤᠨ ᠠᠷᠠᠳ᠎ᠢ ᠠᠮᠤᠷᠵᠢᠭᠤᠯᠤᠭ᠍ᠰᠠᠨ ᠬᠦᠷᠲᠡᠯ᠎ᠡ᠂ ᠬᠥᠯᠥᠨ ᠪᠤᠢ᠌ᠷ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠪᠠᠲᠤ ᠰᠠᠬᠢᠬᠤ ᠵᠤᠷᠢᠭ ᠰᠠᠨᠠᠭ᠎ᠠ ᠪᠠ ᠬᠠᠷᠢᠭᠤᠴᠠᠯᠭ᠎ᠠ ᠡᠭᠦᠷᠭᠡᠯᠡᠬᠦ᠌ ᠢᠳᠡᠭᠡᠯ ᠬᠦᠴᠦᠨ ᠵᠢᠡᠷ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠪᠠ᠃ ᠱᠢᠨ᠎ᠡ ᠠᠶᠠᠨ ᠵᠠᠮ᠎ᠳᠤ᠂ ᠡᠨᠡ ᠬᠦ᠌ ᠬᠠᠯᠠᠭᠤᠨ ᠬᠥᠷᠥᠰᠥ᠍ᠨ᠎ᠡ ᠬᠢᠯᠢ᠎ᠬᠢᠵᠠᠭᠠᠷ᠎ᠤᠨ ᠠᠮᠤᠷ ᠲᠣᠭ᠍ᠲᠠᠭᠤᠨ᠂ ᠦᠨᠳᠦᠰᠦᠲᠡᠨ᠎ᠦ ᠪᠦᠯᠬᠦᠮᠳᠡᠯ᠂ ᠤᠯᠠᠨ ᠲᠦᠮᠡᠨ᠎ᠦ ᠵᠣᠯ ᠵᠢᠷᠭᠠᠯ᠎ᠤᠨ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠡ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号