ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠪᠡᠷ ᠠᠵᠤ ᠠᠬᠤᠢ᠎ᠶ᠋ᠢᠨ ᠦᠷᠢᠰᠦᠯᠳᠦᠬᠦ᠌ ᠬᠦᠴᠦᠨ᠎ᠢ ᠴᠢᠩᠭᠠᠳᠬᠠᠨ᠎ᠠ
2026-03-11 09:09:44
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠲᠥᠯᠥᠭᠡᠯᠡᠭ᠌ᠴᠢ ᠭᠡᠱᠢᠭᠦᠳ ᠶᠡᠷᠦᠩᠬᠡᠢ ᠱᠦᠵᠢ ᠰᠢ ᠵᠢᠨ ᠫᠢᠩ᠎ᠦᠨ ᠬᠣᠶᠠᠷ ᠬᠤᠷᠠᠯ᠎ᠲᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠵᠤ ᠠᠵᠤ ᠠᠬᠤᠢ᠎ᠶ᠋ᠢᠨ ᠱᠢᠨ᠎ᠡ ᠲᠡᠢᠰᠢ ᠤᠷᠤᠭᠰᠢᠯᠠᠬᠤ ᠵᠢ ᠠᠬᠢᠭᠤᠯᠬᠤ᠎ᠶ᠋ᠢ ᠬᠠᠮᠲᠤ᠎ᠪᠠᠷ ᠶᠠᠷᠢᠯᠴᠠᠪᠠ


ᠶᠡᠷᠦᠩᠬᠡᠢ ᠱᠦᠵᠢ ᠰᠢ ᠵᠢᠨ ᠫᠢᠩ ᠲᠦᠷᠦᠭᠦᠬᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠵᠤ ᠠᠬᠤᠢ᠎ᠶ᠋ᠢᠨ ᠦᠷᠢᠰᠦᠯᠳᠦᠬᠦ᠌ ᠬᠦᠴᠦᠨ᠎ᠢ ᠴᠢᠩᠭᠠᠳᠭᠠᠬᠤ᠎ᠳᠤ ᠲᠤᠢᠯ᠎ᠤᠨ ᠴᠢᠬᠤᠯᠠ ᠶᠤᠮ ᠭᠡᠵᠦ ᠴᠢᠬᠤᠯᠠᠴᠢᠯᠠᠪᠠ᠃

ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭ᠌ᠴᠢ ᠭᠡᠱᠢᠭᠦᠳ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠨ᠎ᠡ ᠭᠡᠵᠦ᠍ ᠢᠯᠡᠳᠭᠡᠵᠡᠭᠡᠪᠡ᠃

ᠵᠢᠶᠠᠩᠰᠦ᠎ᠶ᠋ᠢᠨ ᠶᠠᠨᠴᠧᠩ ᠬᠤᠳᠠ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠢᠩᠭᠠᠨ ᠳ᠋ᠦᠩᠱᠢᠭᠤᠷ ᠲᠥᠭᠥᠷᠢᠭ᠎ᠦᠨ ᠭᠤᠷᠪᠠᠨ ᠱᠠᠳᠤ᠎ᠶ᠋ᠢ ᠵᠠᠯᠭᠠᠭ᠎ᠠ᠎ᠪᠠᠷ ᠦᠰᠦᠷᠴᠦ᠂ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠨᠢ 8000 ᠳ᠋ᠦᠩᠱᠢᠭᠤᠷ ᠲᠥᠭᠥᠷᠢᠭ᠎ᠢ ᠳᠠᠪᠠᠪᠠ᠃

《ᠪᠢᠳᠡᠨ᠎ᠤ ᠤᠯᠤᠭᠰᠠᠨ ᠠᠯᠢ ᠤᠯᠠᠨ ᠠᠮᠵᠢᠯᠲᠠ ᠪᠦᠲᠦᠮᠵᠢ᠎ᠨᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠩᠭ᠎ᠠ ᠬᠦᠴᠦᠲᠡᠢ ᠬᠥᠳᠡᠯᠭᠡᠭᠦᠷ᠎ᠡᠴᠡ ᠰᠠᠯᠵᠤ ᠴᠢᠳᠠᠬᠤ ᠦᠭᠡᠢ ᠶᠤᠮ》 ᠬᠡᠵᠦ ᠲᠤᠬᠠᠢ᠎ᠶ᠋ᠢᠨ ᠲᠠᠯᠠᠪᠠᠢ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠨᠤᠰᠤᠬᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠶᠠᠨᠴᠸᠩ ᠬᠤᠳᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠵᠧᠦ ᠪᠢᠨ ᠢᠷᠡᠭᠡᠳᠦᠢ᠎ᠶ᠋ᠢᠨ ᠬᠦᠴᠦᠯᠡᠬᠦ᠌ ᠴᠢᠭ᠌ᠯᠡᠯ᠎ᠢᠶᠡᠨ ᠨᠡᠩ ᠲᠣᠳᠣᠷᠬᠠᠢ ᠪᠣᠯᠭᠠᠪᠠ᠃ ᠲᠡᠷᠡ᠂ ᠶᠠᠨᠴᠧᠩ ᠬᠤᠲᠠ ᠠᠵᠤ ᠠᠬᠤᠢ᠎ᠶ᠋ᠢᠨ ᠲᠤᠮᠤ ᠮᠤᠵᠢ᠎ᠳᠤ ᠪᠠᠢᠷᠢᠯᠠᠵᠤ ᠪᠠᠢᠭ᠎ᠠ ᠪᠣᠯᠬᠣᠷ ᠵᠤᠷᠢᠭᠲᠠᠢ ᠪᠡᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠡᠮᠦᠨ᠎ᠡ ᠡᠩᠨᠡᠭᠡᠨ᠎ᠳᠦ ᠬᠤᠰᠢᠭᠤᠷᠠᠬᠤ᠎ᠪᠠᠷ ᠴᠢᠷᠮᠠᠢᠪᠡᠯ ᠵᠤᠬᠢᠨ᠎ᠠ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠤᠵᠠᠭᠠᠢᠷᠠᠭᠤᠯᠤᠨ ᠬᠦᠭᠵᠢᠭᠦᠯᠵᠤ ᠪᠠᠢᠭ᠎ᠠ ᠠᠵᠠ ᠲᠣᠬᠢᠶᠠᠯ᠎ᠢ ᠠᠮᠵᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠠ ᠠᠵᠤ ᠦᠢᠯᠡᠰ᠎ᠢ ᠠᠭᠤᠰᠤᠯᠴᠠᠭᠤᠯᠬᠤ ᠤᠷᠤᠯᠳᠤᠭᠠᠨ᠎ᠤ ᠵᠠᠮ ᠳᠡᠭᠡᠷ᠎ᠡ ᠱᠢᠨ᠎ᠡ ᠵᠠᠮ ᠨᠡᠭᠡᠭᠡᠵᠦ᠍᠂ ᠥᠪᠡᠷᠮᠢᠴᠡ ᠣᠨᠴᠠᠯᠢᠭ᠎ᠢ ᠡᠭᠦᠳᠦᠨ ᠱᠤᠭᠤᠵᠤ᠂ ᠪᠦᠬᠦ᠌ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠳᠦ ᠨᠡᠩ ᠤᠯᠠᠨ 《ᠶᠠᠨᠴᠧᠩ᠎ᠦᠨ ᠬᠦᠴᠦᠨ ᠴᠢᠳᠠᠯ》 ᠢ᠋ ᠨᠡᠮᠡᠷᠢᠯᠡᠨ᠎ᠠ ᠭᠡᠵᠦ᠍ ᠢᠯᠡᠳᠭᠡᠪᠡ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢᠨ ᠭᠣᠣᠯ ᠡᠯᠧᠮᠧᠨ᠋ᠲ ᠮᠥᠨ᠃

《〈ᠤᠤᠭᠠᠯ ᠱᠢᠨ᠎ᠡ ᠡᠭᠦᠳᠦᠯᠳᠡ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠡᠵᠦ᠍ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠬᠤ ᠬᠡᠷᠡᠭ᠌ᠲᠡᠢ〉᠂ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠪᠢᠳᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠵᠢᠭᠠᠵᠤ ᠥᠭ᠌ᠭᠦᠭ᠌ᠰᠡᠨ ᠴᠢᠭ᠌ᠯᠡᠯ ᠪᠣᠯᠤᠨ᠎ᠠ》 ᠬᠡᠵᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠲᠡᠮᠡᠴᠡᠵᠤ ᠪᠠᠢᠭ᠎ᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠭᠤᠸᠠᠩᠵᠧᠦ᠍᠎ᠶ᠋ᠢᠨ ᠮᠠᠢᠫᠦ᠋ ᠳᠠᠬᠢᠯᠳᠠ ᠠᠨᠠᠭᠠᠬᠤ ᠤᠬᠠᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠤᠸᠠᠨ ᠢᠦᠶ ᠢᠦᠶ ᠬᠡᠯᠡᠪᠡ᠃ ᠲᠡᠷᠡ᠄ 《ᠬᠤᠢᠰᠢᠳᠠ᠂ ᠪᠢᠳᠡ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠣᠯᠠᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠥᠲᠥᠭᠡᠨ ᠪᠠᠢᠭᠤᠯᠬᠤ ᠲᠡᠦᠬᠡᠲᠦ ᠴᠢᠨᠠᠷᠲᠠᠶ ᠠᠵᠠ ᠲᠣᠬᠢᠶᠠᠯ᠎ᠢ ᠠᠮᠵᠢᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠵᠦ᠍᠂ ᠡᠮᠴᠢᠯᠡᠭᠡᠨ᠎ᠦ ᠪᠠᠭᠠᠵᠢ ᠬᠡᠷᠡᠭ᠌ᠰᠡᠯ᠎ᠦᠨ ᠠᠵᠢᠯ ᠲᠥᠷᠥᠯ᠎ᠦᠨ ᠵᠠᠩᠭᠢᠯᠠᠭ᠎ᠠ᠎ᠶ᠋ᠢᠨ ᠨᠡᠢᠲᠡᠯᠢᠭ ᠴᠢᠨᠠᠷᠲᠠᠶ ᠮᠡᠷᠭᠡᠵᠢᠯ᠎ᠦᠨ ᠪᠡᠷᠬᠡ ᠰᠡᠳᠦᠪ᠎ᠢ ᠦᠷᠭᠦᠯᠵᠢᠯᠡᠨ ᠱᠢᠶ᠋ᠳᠪᠦᠷᠢᠯᠡᠨ᠎ᠠ》 ᠭᠡᠵᠠᠢ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠃ ᠶᠡᠷᠦᠩᠬᠡᠢ ᠱᠦᠵᠢ ᠰᠢ ᠵᠢᠨ ᠫᠢᠩ 《ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ》 ᠭᠡᠵᠦ᠍ ᠲᠣᠳᠣᠷᠬᠠᠢ ᠳᠤᠷᠠᠳᠪᠠ᠃

ᠣᠢᠷ᠎ᠠ᠎ᠶ᠋ᠢᠨ ᠵᠢᠯ᠎ᠦᠳ᠎ᠲᠦ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠢᠶᠠᠨᠵᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠮᠢᠩ ᠳ᠋ᠦᠩ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ ᠢ᠋ ᠨᠢᠭᠡ ᠴᠤᠭ᠍ᠴᠠᠵᠢᠭᠤᠯᠤᠭᠰᠠᠨ ᠠᠮᠢ ᠠᠬᠤᠶ᠎ᠶ᠋ᠢ ᠪᠣᠶ ᠪᠣᠯᠭᠠᠬᠤ᠎ᠶ᠋ᠢ ᠰᠦᠪᠡᠭ᠌ᠴᠢᠯᠡᠭ᠌ᠰᠡᠭᠡᠷ ᠢᠷᠡᠵᠡᠶ᠃ 《ᠶᠡᠷᠦᠩᠬᠡᠢ ᠱᠦᠵᠢ᠎ᠶ᠋ᠢᠨ ᠰᠤᠷᠭᠠᠨ ᠬᠥᠮᠦᠵᠢᠯ᠎ᠦᠨ ᠦᠢᠯᠡᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠢ ᠪᠦᠬᠦ᠌ ᠲᠠᠯ᠎ᠠ᠎ᠪᠠᠷ ᠬᠠᠯᠠᠮᠵᠢᠯᠠᠵᠤ ᠪᠠᠢᠬᠤ ᠪᠠ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠭᠰᠠᠨ ᠨᠢ ᠵᠣᠷᠢᠭ᠍ᠵᠢᠭᠤᠯᠤᠯ ᠪᠣᠯᠬᠤ ᠪᠥᠭᠡᠳ ᠨᠡᠩ ᠴᠤ᠌ ᠱᠠᠯᠠᠪᠳᠠᠭᠤᠯᠤᠯ ᠪᠣᠯᠤᠨ᠎ᠠ᠂ ᠪᠢᠳᠡᠨ᠎ᠳᠦ ᠬᠠᠷᠢᠭᠤᠴᠠᠯᠭ᠎ᠠ ᠬᠦᠨᠳᠦ ᠭᠡᠳᠡᠭ᠎ᠢ ᠭᠦᠨᠵᠡᠭᠡᠢ ᠮᠡᠳᠡᠷᠡᠭᠦᠯᠪᠡ᠃ ᠰᠣᠯᠪᠢᠴᠠᠯ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ ᠬᠢᠭᠡᠳ ᠬᠣᠱᠢᠭᠤᠷᠠᠯ ᠬᠦᠷᠢᠶᠡᠨ᠎ᠦ ᠦᠢᠯᠡᠳᠦᠯᠭᠡ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠂ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠪᠤᠯᠤᠨ ᠠᠵᠤ ᠦᠢᠯᠡᠰ᠎ᠦᠨ ᠬᠡᠷᠡᠭ᠌ᠯᠡᠭᠡ᠎ᠶ᠋ᠢ ᠨᠡᠪᠲᠡᠷᠡᠭᠦᠯᠵᠦ᠍ ᠳᠡᠢᠯᠬᠦ᠌ ᠬᠠᠮ ᠴᠢᠳᠠᠪᠤᠷᠢᠲᠠᠨ᠎ᠢ ᠴᠢᠷᠮᠠᠢᠨ ᠬᠥᠮᠦᠵᠢᠭᠦᠯᠦᠨ᠎ᠡ》 ᠭᠡᠵᠦ᠍ ᠮᠢᠩ ᠳ᠋ᠦᠩ ᠬᠡᠯᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠵᠢᠨ ᠭᠤᠤᠯ ᠠᠭᠤᠯᠭ᠎ᠠ ᠮᠥᠨ᠃

《ᠬᠤᠪᠢᠴᠠᠭ᠎ᠠ ᠵᠢᠨ ᠎ᠤᠨ ᠡᠷᠬᠡ + ᠪᠡᠯᠡᠨ ᠵᠣᠭᠣᠰ + ᠰᠤᠳᠤᠯᠤᠨ ᠨᠡᠭᠡᠭᠡᠬᠦ᠌ ᠵᠠᠷᠤᠳᠠᠯ》 ᠤ᠋ᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠦᠷ᠎ᠡ ᠪᠦᠲᠦᠭᠡᠯ᠎ᠢ ᠪᠡᠶᠡᠯᠡᠭᠦᠯᠦᠭ᠌ᠰᠡᠨ ᠬᠥᠮᠦᠨ᠎ᠦ ᠠᠱᠢᠭ ᠣᠷᠣᠯᠭ᠎ᠠ᠎ᠶ᠋ᠢ ᠳᠡᠭᠡᠭ᠌ᠰᠢᠯᠡᠭᠦᠯᠦᠨ᠎ᠡ; ᠤᠯᠠᠨ ᠠᠵᠤ ᠠᠬᠤᠢᠯᠠᠯ᠎ᠲᠠᠶ ᠬᠠᠮᠲᠤᠷᠠᠯᠴᠠᠭ᠎ᠠ ᠪᠠᠢᠭᠤᠯᠵᠤ᠂ ᠦᠷ᠎ᠡ ᠪᠦᠲᠦᠭᠡᠯ᠎ᠦᠨ ᠣᠨᠳᠣᠣᠱᠢᠭᠤᠯᠤᠯᠲᠠ ᠵᠢᠨ ᠠᠷᠭ᠎ᠠ ᠵᠠᠮ᠎ᠢ ᠨᠡᠪᠲᠡᠷᠡᠭᠦᠯᠦᠨ᠎ᠠ; ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠡᠮᠦᠷᠯᠢᠭ ᠰᠤᠳᠤᠯᠬᠤ ᠭᠠᠵᠠᠷ ᠤᠤᠭᠠᠯ ᠡᠭᠦᠳᠦᠯᠲᠡ᠎ᠶ᠋ᠢᠨ ᠴᠢᠨᠠᠷᠲᠠᠢ ᠮᠡᠷᠭᠡᠵᠢᠯ᠎ᠦᠨ 《0》 ᠡᠴᠡ 《1》 ᠪᠣᠯᠲᠠᠯ᠎ᠠ ᠱᠢᠪᠲᠤᠯᠤᠯᠲᠠ ᠭᠠᠷᠭᠠᠬᠤ᠎ᠶ᠋ᠢ ᠠᠬᠢᠭᠤᠯᠬᠤ᠎ᠶ᠋ᠢᠨ ᠬᠠᠮᠲᠤ ᠪᠠᠰᠠ 《1》 ᠵᠢ ᠤᠷᠲᠤᠳᠭᠠᠬᠤ᠎ᠪᠠᠷ ᠴᠢᠷᠮᠠᠢᠨ᠎ᠠ᠃

《ᠶᠡᠷᠦᠩᠬᠡᠢ ᠱᠦᠵᠢ ᠰᠢ ᠵᠢᠨ ᠫᠢᠩ ᠱᠢᠨ᠎ᠡ᠎ᠶ᠋ᠢ ᠡᠭᠦᠳᠬᠦ᠌ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠢ᠎ᠪᠡᠷ ᠣᠨᠳᠣᠣᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠂ ᠡᠨᠡ ᠪᠣᠯ ᠪᠢᠳᠡᠨ᠎ᠦ ᠴᠢᠷᠮᠠᠢᠬᠤ ᠴᠢᠭ᠌ᠯᠡᠯ ᠮᠦᠨ》 ᠬᠡᠵᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠡᠮᠦᠷᠯᠢᠭ ᠰᠤᠳᠤᠯᠬᠤ ᠭᠠᠵᠠᠷ᠎ᠤᠨ ᠰᠤᠳᠤᠯᠤᠭ᠍ᠴᠢ ᠰᠦᠨ ᠳ᠋ᠦᠩ ᠮᠢᠩ ᠬᠡᠯᠡᠪᠡ᠃ ᠲᠡᠷᠡᠪᠡᠷ᠂ ᠵᠠᠯᠭᠠᠭᠠᠳ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭ᠎ᠠ ᠬᠡᠷᠡᠭᠯᠡᠭᠡ ᠶ᠋ᠢ ᠬᠠᠮᠵᠢᠯᠴᠠᠭᠤᠯᠬᠤ ᠲᠠᠪᠴᠠᠩ᠎ᠢ ᠪᠠᠢᠭᠤᠯᠵᠤ᠂ ᠮᠡᠷᠭᠡᠵᠢᠯ᠎ᠢ ᠱᠢᠯᠵᠢᠭᠦᠯᠬᠦ᠌ ᠪᠠ ᠦᠷ᠎ᠡ ᠪᠦᠲᠦᠭᠡᠯ᠎ᠢ ᠣᠨᠳᠣᠣᠱᠢᠭᠤᠯᠬᠤ ᠦᠢᠯᠡᠴᠢᠯᠡᠭᠡᠨ᠎ᠦ ᠲᠣᠭ᠍ᠲᠠᠴᠠ᠎ᠶ᠋ᠢ ᠪᠦᠷᠢᠨᠱᠢᠬᠦᠯᠵᠤ᠂ ᠲᠤᠷᠱᠢᠯᠲᠠ᠎ᠶ᠋ᠢᠨ ᠲᠠᠰᠤᠭ ᠳᠡᠭᠢ ᠦᠷ᠎ᠡ ᠪᠦᠲᠦᠭᠡᠯ᠎ᠢ ᠦᠨᠡᠨ ᠬᠦ᠌ ᠦᠢᠯᠡᠳᠪᠦᠷᠢᠯᠡᠯ᠎ᠦᠨ ᠱᠤᠭᠤᠮ᠎ᠳᠤ ᠬᠦᠷᠭᠡᠵᠦ᠍᠂ ᠮᠠᠲ᠋ᠧᠷᠢᠶᠠᠯ᠎ᠤᠨ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ ᠭᠡᠵᠦ᠍ ᠬᠡᠯᠡᠪᠡ᠃

ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠠᠵᠤ ᠦᠢᠯᠡᠰ᠎ᠦᠨ ᠠᠴᠢᠶᠠᠯᠠᠪᠤᠷᠢ ᠮᠥᠨ᠃ ᠶᠡᠷᠦᠩᠬᠡᠢ ᠱᠦᠵᠢ ᠰᠢ ᠵᠢᠨ ᠫᠢᠩ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠴᠦᠩᠴᠢᠩ ᠬᠣᠲᠠ᠎ᠶ᠋ᠢᠨ ᠹᠦ᠋ ᠯᠢᠩ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠱᠦᠵᠢ ᠯᠢ ᠶᠦᠩ᠂ ᠶᠡᠷᠦᠩᠬᠡᠶ ᠱᠦᠵᠢ᠎ᠶ᠋ᠢᠨ ᠴᠢᠬᠤᠯᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠡᠷᠬᠡᠪᠰᠢ ᠪᠥᠬᠥ᠌ ᠲᠠᠯ᠎ᠠ᠎ᠶ᠋ᠢᠨ ᠦᠵᠡᠯᠲᠡ᠂ ᠱᠢᠰᠲ᠋ᠧᠮᠲᠦ ᠰᠡᠳᠭᠢᠬᠦᠶ᠎ᠪᠡᠷ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ 《ᠦᠢᠯᠡᠳᠬᠦ᠌ ᠦᠢᠯᠡᠰ᠎ᠦᠨ ᠬᠦᠴᠦᠷᠬᠡᠭ ᠣᠷᠣᠨ ᠪᠣᠯᠤᠭ᠍ᠰᠠᠨ᠎ᠤ ᠬᠤᠪᠢ᠎ᠳᠤ᠂ ᠹᠦ ᠯᠢᠩ ᠲᠤᠬᠠᠢ᠎ᠶ᠋ᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠠᠪᠠᠭᠤᠯᠢᠭ᠎ᠢ ᠤᠶᠠᠯᠳᠤᠭᠤᠯᠵᠤ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠬᠤ᠎ᠶ᠋ᠢᠨ ᠬᠠᠮᠲᠤ ᠲᠡᠷᠢᠭᠦᠨ᠎ᠦ ᠮᠠᠲ᠋ᠧᠷᠢᠶᠠᠯ᠂ ᠣᠶᠤᠨᠴᠢ ᠰᠦᠯᠵᠢᠶᠡᠨ᠎ᠳᠦ ᠬᠤᠯᠪᠤᠭᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠦᠨ ᠪᠤᠵᠠᠭᠠᠢᠷᠠᠭᠤᠯᠵᠤ᠂ ᠠᠵᠤ ᠦᠢᠯᠡᠰ᠎ᠤᠨ ᠰᠢᠨᠡᠳᠦᠨ ᠶᠠᠰᠤ ᠴᠢᠨᠠᠷ ᠳᠡᠭᠡᠭᠰᠢᠯᠡᠨ ᠬᠥᠭ᠌ᠵᠢᠬᠦ᠌᠎ᠶ᠋ᠢ ᠠᠬᠢᠭᠤᠯᠤᠨ᠎ᠠ》 ᠭᠡᠵᠦ ᠢᠯᠡᠳᠬᠡᠪᠡ᠃

ᠢᠷᠡᠭᠡᠳᠦᠢ᠎ᠶ᠋ᠢᠨ ᠠᠵᠤ ᠦᠢᠯᠡᠰ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠬᠦ᠌᠎ᠶ᠋ᠢᠨ ᠭᠣᠣᠯ ᠵᠢᠭ᠍ᠰᠠᠭᠠᠯ᠎ᠤᠨ ᠭᠠᠵᠠᠷ ᠮᠥᠨ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠢᠷᠢᠨ᠎ᠦ ᠡᠨᠧᠷᠭᠢ᠎ᠶ᠋ᠢᠨ ᠪᠡᠯᠡ ᠣᠷᠣᠭᠤᠯᠤᠯᠲᠠ᠎ᠶ᠋ᠢᠨ ᠪᠠᠢ ᠱᠠᠨ᠎ᠳᠠᠬᠢ ᠬᠤᠪᠢᠶᠠᠷᠢ ᠺᠣᠮᠫᠠᠨᠢ᠎ᠶ᠋ᠢᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶ᠋ᠢᠨ ᠪᠣᠬᠢᠷᠲᠤᠯ ᠦᠭᠡᠢ ᠡᠨᠧᠷᠭᠢ᠎ᠶ᠋ᠢᠨ ᠢᠯᠴᠢ᠎ᠶ᠋ᠢᠨ ᠡᠵᠡᠮᠳᠡᠯ᠎ᠦᠨ ᠲᠤᠰᠭᠠᠢ ᠮᠡᠷᠭᠡᠵᠢᠯᠲᠡᠨ ᠯᠢ ᠸᠸᠨ ᠬᠤᠢ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠨᠧᠷᠭᠢ᠎ᠶ᠋ᠢᠨ ᠬᠦᠷᠢᠶᠡᠨ᠎ᠳᠦ ᠦᠨᠳᠦᠰᠦᠯᠡᠵᠦ᠍᠂ ᠪᠣᠬᠢᠷᠲᠤᠯ ᠦᠭᠡᠢ ᠤᠰᠤᠲᠥ᠋ᠷᠥᠭ᠌ᠴᠢ᠎ᠶ᠋ᠢᠨ ᠰᠠᠭᠤᠷᠢ ᠡᠨᠧᠷᠭᠢ᠎ᠶ᠋ᠢᠨ ᠮᠡᠷᠭᠡᠵᠢᠯ᠎ᠢ ᠦᠷᠭᠦᠯᠵᠢᠯᠡᠨ ᠱᠢᠪᠲᠤᠯᠵᠤ᠂ ᠤᠰᠤᠲᠥ᠋ᠷᠥᠭ᠌ᠴᠢ ᠡᠨᠧᠷᠭᠢ ᠵᠡᠷᠭᠡ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠳᠤ ᠬᠦᠴᠦᠨ ᠨᠡᠮᠡᠷᠢᠯᠡᠨ᠎ᠡ ᠭᠡᠪᠡ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠬᠥᠭ᠌ᠵᠢᠯᠲᠡ᠎ᠶ᠋ᠢᠨ ᠰᠡᠳᠦᠪ ᠪᠣᠯᠬᠤ ᠪᠥᠭᠡᠳ ᠪᠠᠰᠠ ᠴᠤ᠌ ᠦᠭᠡᠷᠡᠴᠢᠯᠡᠯᠳᠠ ᠵᠢᠨ ᠰᠡᠳᠦᠪ ᠪᠣᠯᠤᠨ᠎ᠠ᠃

ᠭᠤᠷᠪᠠᠨ ᠵᠦᠶ᠋ᠯ᠎ᠦᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠲᠤᠨᠭᠬᠠᠭ ᠨᠡᠢᠳᠡᠯᠡᠨ ᠮᠠᠨᠭᠯᠠᠢᠯᠠᠬᠴᠢ ᠡᠯᠰᠡᠬᠦ》 ᠵᠡᠷᠭᠡ ᠪᠣᠭᠣᠮᠲᠠ ᠱᠢᠪᠲᠤᠯᠬᠤ ᠲᠣᠭ᠍ᠲᠠᠴᠠ᠎ᠶ᠋ᠢ ᠬᠡᠷᠡᠭ᠌ᠵᠢᠭᠦᠯᠤᠨ᠎ᠠ ᠁ ᠣᠢᠷ᠎ᠠ᠎ᠶ᠋ᠢᠨ ᠵᠢᠯ᠎ᠳᠦ᠂ ᠭᠠᠨᠰᠦ᠎ᠶ᠋ᠢᠨ ᠵᠢᠨᠴᠤᠸᠠᠨ ᠪᠦᠯᠦᠭ᠌ᠯᠡᠯ᠎ᠦᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠶᠡᠷᠦᠩᠬᠡᠢᠯᠡᠭ᠌ᠰᠡᠨ ᠪᠣᠳᠠᠲᠤ ᠬᠦᠴᠦᠨ ᠪᠠ ᠠᠵᠢᠯ ᠲᠥᠷᠥᠯ᠎ᠦᠨ ᠨᠥᠯᠥᠭᠡᠯᠡᠬᠦ᠌ ᠬᠦᠴᠦᠨ᠎ᠦ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃

《ᠶᠡᠷᠦᠩᠬᠡᠢ ᠱᠦᠵᠢ ᠰᠢ ᠵᠢᠨ ᠫᠢᠩ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠬᠤ ᠲᠠᠯ᠎ᠠ᠎ᠪᠠᠷ ᠱᠢᠨ᠎ᠡ ᠦᠷ᠎ᠡ ᠪᠦᠲᠦᠭᠡᠯ ᠤᠯᠬᠤ ᠬᠡᠷᠡᠭ᠌ᠲᠡᠢ ᠭᠡᠵᠦ᠍ ᠱᠠᠭᠠᠷᠳᠠᠪᠠ᠃ ᠮᠠᠨ᠎ᠤ ᠠᠵᠤ ᠠᠬᠤᠢᠯᠠᠯ᠎ᠳᠤ ᠠᠪᠴᠤ᠌ ᠬᠡᠯᠡᠪᠡᠯ᠂ ᠢᠷᠡᠭᠡᠳᠦᠶ᠎ᠳᠦ ᠥᠭᠡᠷᠡᠴᠢᠯᠡᠯᠲᠡ᠎ᠶ᠋ᠢᠨ ᠬᠠᠨᠳᠤᠯᠭᠠᠲᠤ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠡᠯ᠎ᠡ ᠲᠥᠷᠥᠯ᠎ᠦᠨ ᠲᠡᠷᠢᠭᠦᠨ᠎ᠦ ᠦᠶ᠋ᠯᠡᠳᠪᠦᠷᠢᠯᠡᠯ᠎ᠦᠨ ᠡᠯᠧᠮᠧᠨ᠋ᠲ᠎ᠦᠨ ᠤᠷᠤᠭ᠍ᠰᠢᠲᠠᠶ ᠱᠢᠯᠵᠢᠬᠦ᠌᠂ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠴᠢᠩᠭᠠᠷᠠᠭᠤᠯᠵᠤ᠂ ᠠᠵᠢᠯ ᠲᠥᠷᠥᠯ᠎ᠦᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ》 ᠭᠡᠵᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠵᠢᠨᠴᠤᠸᠠᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠷᠤᠸᠠᠨ ᠶᠢᠩ ᠬᠡᠯᠡᠪᠡ᠃

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠨᡁᠦᠶ᠋ᠢ ᠮᠤᠵᠢ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠴᠧᠨ ᠵᠢᠶᠦ᠋ᠨ᠂ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠬᠤ ᠬᠣᠷᠢᠭ᠎ᠠ ᠴᠡᠭ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠬᠠᠷᠱᠢᠯᠠᠬᠤ ᠭᠣᠭ᠍ᠴᠣᠭ᠎ᠠ᠎ᠶ᠋ᠢᠨ ᠲᠣᠭᠣᠷᠢᠨ᠎ᠳᠤ᠂ ᠪᠦᠲᠦᠭᠡᠯᠴᠢ ᠴᠢᠨᠠᠷᠲᠠᠢ᠂ ᠵᠦᠷᠢᠶᠡᠴᠢᠯᠡᠭ᠌ᠰᠡᠨ ᠥᠭᠡᠷᠡᠴᠢᠯᠡᠯᠲᠡ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠠᠨᡁᠦᠶ᠋ᠢ ᠵᠢᠨ ᠢᠯᠭᠠᠨ ᠲᠠᠨᠢᠬᠤ ᠬᠡᠮᠵᠢᠶ᠎ᠡ᠎ᠲᠡᠶ ᠥᠭᠡᠷᠡᠴᠢᠯᠡᠯᠲᠡ᠎ᠶ᠋ᠢᠨ ᠲᠦᠷᠦᠯ ᠲᠡᠮᠳᠡᠭ᠎ᠢ ᠨᠡᠩ ᠤᠯᠠᠨ ᠡᠭᠦᠳᠴᠦ᠍᠂ ᠲᠦᠷᠢᠮ᠎ᠢ ᠱᠢᠨ᠎ᠡ ᠮᠡᠷᠭᠡᠵᠢᠯ᠂ ᠱᠢᠨ᠎ᠡ ᠠᠵᠤ ᠦᠢᠯᠡᠰ᠎ᠦᠨ ᠬᠥᠭ᠌ᠵᠢᠯᠲᠡ᠎ᠶ᠋ᠢᠨ ᠠᠢᠵᠠᠮ᠎ᠳᠤ ᠨᠡᠩ ᠰᠠᠢ᠌ᠨ ᠵᠣᠬᠢᠴᠠᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠦᠰᠦᠨ ᠪᠣᠢᠵᠢᠯᠲᠠ᠎ᠳᠤ ᠨᠡᠩ ᠥᠷᠭᠡᠨ ᠠᠭᠤᠳᠠᠮ ᠣᠷᠣᠨ ᠵᠠᠢ᠎ᠶ᠋ᠢ ᠨᠡᠭᠡᠭᠡᠵᠦ᠍ ᠥᠭ᠌ᠭᠦᠨ᠎ᠡ ᠭᠡᠵᠦ᠍ ᠢᠯᠡᠳᠭᠡᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号