ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠬᠢᠨᠠᠨ ᠵᠦᠪᠯᠡᠭᠦᠯᠬᠦ ᠪᠠᠷ ᠳᠡᠪᠱᠢᠭᠦᠯᠪᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠭ᠍ᠰᠠᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠠ ᠬᠠᠤᠯᠢ ᠲᠣᠭ᠍ᠲᠠᠭᠠᠬᠤ ᠡᠭᠦᠷᠭᠡ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠬᠠᠤᠯᠢ ᠪᠡᠷ ᠵᠠᠰᠠᠬᠤ ᠰᠠᠭᠤᠷᠢ᠎ᠶ᠋ᠢ ᠪᠡᠬᠢᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠳᠠᠷᠠᠭᠠᠬᠢ ᠠᠩᠬᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠬᠣᠶᠠᠷ ᠬᠤᠷᠠᠯᠳᠡᠭᠡᠷᠠ᠂ ᠶᠡᠷᠦᠩᠬᠡᠢ ᠱᠦᠵᠢ ᠰᠢ ᠵᠢᠨ ᠫᠢᠩ᠄ 《ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠭᠣᠣᠯ ᠰᠡᠳᠦᠪ᠎ᠢ ᠪᠠᠲᠤ ᠡᠵᠡᠮᠳᠡᠵᠦ᠍᠂ ᠦᠨᠳᠦᠰᠦᠲᠡᠨ᠎ᠨᠦᠭᠦᠳ᠎ᠦᠨ ᠡᠶ᠎ᠡ ᠨᠠᠢᠷᠲᠠᠢ ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠠᠮᠳᠦ ᠪᠡᠷ ᠴᠢᠷᠮᠠᠢᠵᠤ᠂ ᠡᠶ᠎ᠡ ᠵᠣᠬᠢᠴᠠᠩᠭᠤᠢ᠎ᠪᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ》 ᠭᠡᠵᠤ ᠳᠤᠳᠤᠷᠬᠠᠢ ᠵᠢᠭᠠᠵᠤ ᠭᠠᠷᠭᠠᠵᠠᠢ᠃
ᠱᠢᠨ᠎ᠡ ᠴᠠᠭ ᠦᠶ᠎ᠡ᠎ᠡᠴᠡ ᠨᠠᠭᠠᠰᠢ᠂ ᠴᠥᠭᠡᠨ ᠲᠣᠭᠠᠲᠤ ᠦᠨᠳᠦᠰᠦᠲᠡᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠭᠰᠠᠨ ᠡᠴᠡ ᠠᠪᠤᠭᠠᠳ᠂ ᠴᠥᠭᠡᠨ ᠲᠣᠭᠠᠲᠤ ᠦᠨᠳᠦᠰᠦᠲᠡᠨ᠎ᠦ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠨᠠᠷᠢᠨ ᠲᠠᠩᠰᠠ ᠪᠤᠳᠤᠵᠤ᠂ ᠶᠡᠬᠡ ᠪᠣᠳᠣᠯᠭ᠎ᠠ᠎ᠶ᠋ᠢ ᠰᠦᠪᠡᠭ᠌ᠴᠢᠯᠡᠭ᠌ᠰᠡᠨ ᠬᠦᠷᠲᠡᠯ᠎ᠡ ᠁ ᠲᠣᠮᠣ ᠤᠯᠤᠰ᠎ᠤᠨ ᠤᠳᠤᠷᠢᠳᠤᠭ᠍ᠴᠢ᠎ᠶ᠋ᠢᠨ ᠭᠦᠨ ᠵᠤᠵᠠᠭᠠᠨ ᠬᠠᠢᠷ᠎ᠠ ᠰᠡᠳᠭᠢᠯᠭᠡ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠡᠯᠬᠡᠭ᠌ᠯᠡᠨ ᠤᠷᠤᠭ᠍ᠰᠢᠯᠠᠬᠤ ᠵᠢᠪᠬᠤᠭᠠᠳᠤ ᠲᠦᠷᠢ ᠨᠢ ᠠᠷᠠᠳ᠎ᠤᠨ ᠶᠡᠬᠡ ᠬᠤᠷᠠᠯ ᠤ᠋ᠨ ᠲᠠᠩᠭᠢᠮ ᠳ᠋ᠤ ᠠᠭᠤᠰᠤᠯᠴᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠴᠠᠭ ᠦᠶ᠎ᠡ᠎ᠶ᠋ᠢᠨ ᠦᠵᠡᠮᠵᠢ ᠵᠢᠨ ᠵᠢᠷᠤᠭ᠎ᠢ ᠢᠯᠡᠷᠡᠭᠦᠯᠪᠡ᠃
ᠦᠨᠳᠦᠰᠦᠲᠡᠨ᠎ᠦ ᠪᠦᠯᠬᠦᠮᠳᠡᠯ᠎ᠦᠨ 《ᠠᠮᠢᠨ ᠰᠤᠳᠠᠰᠤ》᠎ᠶ᠋ᠢᠨ ᠠᠴᠢ ᠬᠣᠯᠪᠣᠭ᠍ᠳᠠᠯ᠎ᠢ ᠴᠢᠬᠤᠯᠠᠴᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢ ᠪᠠᠷᠢᠮᠲᠠᠯᠠᠨ᠎ᠠ
ᠭᠦᠢᠵᠧᠦ᠍᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠪᠦᠶᠢ ᠦᠨᠳᠦᠰᠦᠲᠡᠨ᠎ᠦ ᠲᠥᠯᠥᠭᠡᠯᠡᠭ᠌ᠴᠢ ᠵᠢᠨ ᠳᠠᠭᠤᠯᠠᠭᠰᠠᠨ 《ᠴᠡᠴᠡᠭ᠎ᠦᠨ ᠰᠠᠢᠬᠠᠨ ᠤᠯᠠᠭᠠᠨ》 ᠭᠡᠬᠦ᠌ ᠠᠷᠠᠳ᠎ᠤᠨ ᠳᠠᠭᠤᠤ᠎ᠶ᠋ᠢ ᠰᠣᠨᠣᠰᠤᠭᠠᠳ᠂ ᠶᠡᠷᠦᠩᠬᠡᠢ ᠱᠦᠵᠢ ᠰᠢ ᠵᠢᠨ ᠫᠢᠩ ᠪᠠᠶᠠᠷᠯᠠᠨ ᠰᠠᠢᠱᠢᠶᠠᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠠᠮᠢᠳᠤᠷᠠᠯ 《ᠴᠡᠴᠡᠭ᠎ᠦᠨ ᠰᠠᠢᠬᠠᠨ ᠤᠯᠠᠭᠠᠨ》 ᠮᠡᠳᠦ ᠪᠠᠢᠬᠤ᠎ᠶ᠋ᠢ ᠵᠥᠩᠨᠡᠪᠡ; ᠬᠠᠷᠠᠮᠥ᠋ᠷᠡᠨ᠎ᠦ ᠲᠥᠯᠥᠭᠡᠯᠡᠭ᠌ᠴᠢᠳ᠎ᠦᠨ ᠪᠦᠯᠬᠦᠮ᠎ᠳᠦ᠂ ᠾᠧᠵᠧ ᠦᠨᠳᠦᠰᠦᠲᠡᠨ᠎ᠦ ᠲᠥᠯᠥᠭᠡᠯᠡᠭ᠌ᠴᠢ ᠶᠡᠷᠦᠩᠬᠡᠢ ᠱᠦᠵᠢ᠎ᠳᠦ᠂ ᠲᠡᠳᠡᠨ᠎ᠦ ᠠᠮᠢᠳᠤᠷᠠᠯ ᠨᠢ ᠶᠠᠭ 《ᠦᠰᠰᠦ᠋ᠷᠢ ᠮᠥᠷᠡᠨ᠎ᠦ ᠣᠩᠭᠣᠴᠠᠨ᠎ᠤ ᠳᠠᠭᠤᠤ》 ᠳ᠋ᠤ ᠳᠠᠭᠤᠯᠠᠭ᠍ᠳᠠᠭᠰᠠᠨ ᠱᠢᠭ᠋᠎ᠢᠶᠡᠷ ᠵᠣᠯ ᠵᠢᠷᠭᠠᠯ᠎ᠤᠨ ᠵᠠᠮ᠎ᠢᠶᠠᠷ ᠵᠠᠮᠨᠠᠵᠤ ᠪᠠᠢᠨ᠎ᠠ ᠭᠡᠵᠤ ᠬᠡᠯᠡᠭᠰᠡᠨ ᠳ᠋ᠤ᠂ ᠶᠡᠷᠦᠩᠬᠡᠢ ᠱᠦᠵᠢ᠂ ᠳᠠᠭᠤᠤ᠎ᠳᠤ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠶ᠋ᠢᠨ ᠡᠶ᠎ᠡ ᠵᠣᠬᠢᠴᠠᠩᠭᠤᠢ ᠪᠦᠯᠬᠦᠮᠳᠡᠯ᠎ᠦᠨ ᠰᠠᠢ᠌ᠨ ᠰᠠᠢᠬᠠᠨ ᠪᠠᠢᠳᠠᠯ᠎ᠢ ᠵᠢᠷᠤᠭ᠍ᠯᠠᠭ᠍ᠰᠠᠨ ᠪᠠᠢᠨ᠎ᠠ ᠭᠡᠵᠦ᠍ ᠬᠡᠯᠡᠪᠡ᠃
《ᠵᠠᠰᠢᠳ᠋ᠸᠯᠸᠢ!》 ᠲᠥᠪᠡᠳ ᠦᠨᠳᠦᠰᠦᠲᠡᠨ᠎ᠦ ᠲᠥᠯᠥᠭᠡᠯᠡᠭ᠌ᠴᠢ᠎ᠶ᠋ᠢᠨ ᠡᠷᠭᠦᠭ᠌ᠰᠡᠨ ᠬᠠᠳᠠᠭ᠎ᠢ ᠲᠤᠰᠴᠤ᠌ ᠠᠪᠤᠭᠠᠳ ᠶᠡᠷᠦᠩᠬᠡᠶ ᠱᠦᠵᠢ ᠲᠥᠪᠡᠳ ᠬᠡᠯᠡ᠎ᠪᠡᠷ ᠥᠯᠵᠡᠶ ᠪᠡᠯᠭᠡ᠎ᠲᠡᠶ ᠪᠠᠢᠬᠤ᠎ᠶ᠋ᠢ ᠵᠥᠩᠨᠡᠪᠡ; ᠵᠢᠶᠠᠩᠰᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠳ᠋ᠠᠭᠠᠨ᠂ ᠦᠨᠳᠦᠰᠦᠲᠡᠨ᠎ᠦ ᠬᠤᠪᠴᠠᠰᠤ ᠪᠡᠨ ᠡᠮᠦᠰᠦᠭ᠌ᠰᠡᠨ ᠯᠠᠨ ᠨᠢᠶᠠᠨ ᠶᠢᠩ ᠲᠥᠯᠥᠭᠡᠯᠡᠭ᠌ᠴᠢ᠎ᠲᠡᠶ ᠠᠭᠤᠯᠵᠠᠵᠤ᠂ 《ᠲᠠ ᠪᠣᠯ ᠱᠧ ᠦᠨᠳᠦᠰᠦᠲᠡᠨ》 ᠭᠡᠵᠤ ᠬᠡᠯᠡᠭᠰᠡᠨ ᠦᠭᠡ᠎ᠨᠢ ᠬᠤᠷᠠᠯ᠎ᠤᠨ ᠲᠠᠯᠠᠪᠠᠢ᠎ᠶ᠋ᠢᠨ ᠳᠣᠲᠣᠨ᠎ᠠ ᠭᠠᠳᠠᠨᠠᠬᠢ ᠨᠤᠲᠤᠭ᠎ᠤᠨ ᠠᠬ᠎ᠠ ᠳᠡᠭᠦᠦ᠍᠎ᠨᠡᠷ᠎ᠤ᠋ᠨ ᠰᠡᠳᠬᠢᠯ ᠢ᠋ ᠳᠤᠯᠠᠭᠠᠴᠠᠭᠤᠯᠪᠠ᠃
ᠬᠠᠪᠰᠤᠷᠤᠯᠴᠠᠭ᠎ᠠ ᠪᠠᠢᠭᠤᠯᠤᠨ ᠲᠦᠷᠦᠯ ᠰᠠᠳᠤᠨ ᠲᠠᠨᠢᠭ᠍ᠰᠠᠨ ᠪᠠᠢᠳᠠᠯ᠎ᠢ ᠨᠠᠷᠢᠨ ᠠᠰᠠᠭᠤᠵᠤ᠂ ᠴᠠᠢᠯᠠᠯᠭ᠎ᠠ ᠳᠡᠭᠡᠷ᠎ᠡ ᠴᠥᠭᠡᠨ ᠲᠣᠭᠠᠲᠤ ᠦᠨᠳᠦᠰᠦᠲᠡᠨ᠎ᠦ ᠲᠥᠯᠥᠭᠡᠯᠡᠭ᠌ᠴᠢ ᠭᠡᠱᠢᠭᠦᠳ᠎ᠲᠡᠶ ᠨᠢᠭᠡ ᠲᠠᠩᠬᠢᠮ᠎ᠳᠤ ᠪᠠᠶᠠᠷᠯᠠᠯᠳᠤᠨ ᠴᠤᠭ᠍ᠯᠠᠷᠠᠪᠠ ᠁ ᠶᠡᠷᠦᠩᠬᠡᠢ ᠱᠦᠵᠢ ᠰᠢ ᠵᠢᠨ ᠫᠢᠩ ᠦᠭᠡ ᠶᠠᠷᠢᠶ᠎ᠠ ᠦᠢᠯᠡ ᠠᠵᠢᠯᠯᠠᠭ᠎ᠠ᠎ᠪᠠᠷ᠎ᠢᠶᠠᠨ ᠴᠢᠰᠤ ᠮᠢᠬᠠᠨ᠎ᠤ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠲᠠᠢᠯᠪᠤᠷᠢᠯᠠᠵᠤ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠵᠤ᠂ 《ᠦᠨᠳᠦᠰᠦᠲᠡᠨ᠎ᠨᠦᠭᠦᠳ᠎ᠦᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠳᠦᠭᠡᠨ ᠪᠠᠢᠭᠤᠯᠵᠤ᠂ ᠰᠠᠢ᠌ᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠬᠤ᠎ᠶ᠋ᠢ ᠠᠬᠢᠭᠤᠯᠵᠠᠢ》᠃
ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠬᠠᠮᠲᠤ᠎ᠶ᠋ᠢᠨ ᠴᠣᠭ᠍ᠴᠠ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠤᠨᠠ
ᠨᠠᠢ᠍ᠮᠠᠨ ᠵᠢᠯ᠎ᠦᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠦᠷᠢᠨ ᠪᠢᠯᠧᠲ᠎ᠢᠶᠡᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠪᠠ᠃ ᠲᠤᠬᠠᠢ᠎ᠶ᠋ᠢᠨ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ᠂ ᠶᠡᠷᠦᠩᠬᠡᠢ ᠱᠦᠵᠢ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠄ 《ᠪᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠰᠣᠩᠭᠣᠨ ᠰᠣᠩᠭᠣᠭᠤᠯᠢ᠎ᠳᠤ ᠣᠷᠣᠯᠴᠠᠵᠤ ᠪᠠᠢᠭ᠎ᠠ ᠨᠢ ᠨᠠᠮ᠎ᠤᠨ ᠲᠥᠪ ᠬᠣᠷᠢᠶ᠎ᠠ᠎ᠡᠴᠡ ᠦᠨᠳᠦᠰᠦᠲᠡᠨ᠎ᠦ ᠬᠢᠯᠢ ᠬᠢᠵᠠᠭᠠᠷ ᠣᠷᠣᠨ᠎ᠢ ᠴᠢᠬᠤᠯᠠᠴᠢᠯᠠᠵᠤ ᠪᠠᠢᠬᠤ᠎ᠶ᠋ᠢ ᠢᠯᠡᠳᠭᠡᠵᠦ᠍᠂ ᠨᠠᠮ᠎ᠤᠨ ᠲᠥᠪ ᠬᠣᠷᠢᠶ᠎ᠠ ᠡᠴᠡ ᠬᠠᠷᠠᠬᠠᠨ ᠬᠦᠭᠵᠢᠭᠡᠳᠤᠢ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠡᠷᠴᠢ ᠵᠣᠷᠢᠭ᠎ᠢ ᠢᠯᠡᠷᠡᠭᠦᠯᠵᠤ ᠪᠠᠢᠨ᠎ᠠ》 ᠭᠡᠵᠤ ᠤᠭ ᠰᠠᠨᠠᠭ᠎ᠠ ᠪᠠᠨ ᠢᠯᠠ ᠶᠠᠷᠢᠪᠠ᠃
ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠵᠤ ᠪᠠᠶᠠᠵᠢᠨ ᠴᠢᠨᠡᠭᠡᠯᠢᠭᠵᠢᠬᠦ᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ᠌ ᠬᠦᠷᠲᠡᠯ᠎ᠡ᠂ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠴᠠᠭ ᠦᠶ᠎ᠡ᠎ᠶ᠋ᠢᠨ ᠣᠷᠣᠨ ᠪᠠᠢᠷᠢ᠎ᠳᠤ ᠲᠠᠰᠤᠷᠠᠯᠲᠠ ᠦᠭᠡᠢ ᠬᠤᠪᠢᠷᠠᠯᠲᠠ ᠭᠠᠷᠤᠭ᠍ᠰᠠᠨ ᠪᠣᠯᠪᠠᠴᠤ᠌ ᠬᠥᠭ᠌ᠵᠢᠯᠲᠡ ᠪᠣᠯ ᠢᠮᠠᠭ᠍ᠲᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠮᠥᠨ᠃
ᠦᠨᠳᠦᠰᠦᠲᠡᠨ᠎ᠦ ᠭᠠᠵᠠᠷ ᠣᠷᠣᠨ᠎ᠤ ᠲᠥᠯᠥᠭᠡᠯᠡᠭ᠌ᠴᠢ ᠭᠡᠱᠢᠭᠦᠳ᠎ᠲᠡᠶ ᠤᠯᠠᠨ ᠤᠳᠠᠭ᠎ᠠ ᠳᠣᠲᠣᠨᠣ᠎ᠪᠠᠷ ᠶᠠᠷᠢᠯᠴᠠᠵᠤ᠂ ᠱᠢᠨᠵᠢᠶᠠᠩ᠎ᠤᠨ ᠴᠥᠭᠡᠨ ᠲᠣᠭᠠᠲᠤ ᠦᠨᠳᠦᠰᠦᠲᠡᠨ᠎ᠦ ᠰᠤᠷᠤᠭ᠍ᠴᠢᠳ᠎ᠤᠨ ᠠᠵᠢᠯ ᠣᠯᠭᠣᠯᠲᠠ᠎ᠶ᠋ᠢ ᠯᠠᠪᠯᠠᠨ ᠠᠰᠠᠭᠤᠵᠤ᠂ ᠭᠠᠨᠰᠦ᠎ᠶ᠋ᠢᠨ ᠯᠢᠨᠱᠢᠶᠠ ᠵᠧᠦ ᠵᠡᠷᠭᠡ ᠦᠨᠳᠦᠰᠦᠲᠡᠨ᠎ᠦ ᠭᠠᠵᠠᠷ ᠣᠷᠣᠨ᠎ᠤ ᠵᠠᠮ ᠬᠠᠷᠢᠯᠴᠠᠭᠠᠨ᠎ᠤ ᠪᠠᠢᠳᠠᠯ᠎ᠢ ᠬᠠᠯᠠᠮᠵᠢᠯᠠᠵᠤ᠂ ᠬᠤᠪᠸᠢ ᠵᠢᠨ ᠡᠸᠨ ᠱ᠌ᠢ ᠵᠧᠦ᠍᠎ᠶ᠋ᠢᠨ ᠴᠥᠭᠡᠨ ᠲᠣᠭᠠᠲᠤ ᠦᠨᠳᠦᠰᠦᠲᠡᠨ᠎ᠦ ᠲᠥᠯᠥᠭᠡᠯᠡᠭ᠌ᠴᠢᠳ᠎ᠦᠨ ᠰᠧᠯᠧᠨ ᠡᠯᠪᠡᠭ ᠪᠦᠲᠦᠭᠡᠭᠳᠡᠭᠦᠨ ᠤ᠋ ᠠᠵᠤ ᠦᠢᠯᠡᠰ᠎ᠢ ᠬᠥᠭ᠌ᠵᠢᠭᠦᠯᠬᠦ᠌᠎ᠪᠡᠷ ᠳᠤᠷᠠᠳᠤᠭ᠍ᠰᠠᠨ᠎ᠳᠤ ᠴᠢᠭ᠌ᠯᠡᠭᠦᠯᠦᠨ᠂ 《ᠡᠨᠡ ᠬᠦ᠌ ᠬᠣᠪᠣᠷ ᠨᠠᠨᠳᠢᠨ ᠡᠬᠢ ᠪᠠᠶᠠᠯᠢᠭ᠎ᠢ ᠰᠠᠢᠲᠤᠷ ᠠᠱᠢᠭ᠍ᠯᠠᠬᠤ ᠬᠡᠷᠡᠭ᠌ᠲᠡᠢ》 ᠭᠡᠵᠤ ᠵᠠᠬᠢᠪᠠ ᠁ ᠶᠡᠷᠦᠩᠬᠡᠢ ᠱᠦᠵᠢ ᠰᠢ ᠵᠢᠨ ᠫᠢᠩ ᠣᠨᠤᠴᠠᠳᠠᠢ ᠪᠠᠷ ᠰᠤᠳᠠᠰᠤ ᠪᠠᠷᠢᠵᠤ᠂ ᠦᠨᠳᠦᠰᠦᠲᠡᠨ᠎ᠦ ᠭᠠᠵᠠᠷ ᠣᠷᠣᠨ᠎ᠤ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ ᠪᠣᠯᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠳᠭᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠢᠭᠠᠨ ᠵᠢᠯᠣᠭᠣᠳᠪᠠ᠃
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠲᠦᠷᠢᠮ᠎ᠦᠨ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠸ᠋ᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠤᠨ᠎ᠠ
《ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠬᠡ ᠪᠦᠯᠬᠦᠮᠳᠡᠯ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠵᠦ᠍᠂ ᠠᠯᠢᠪᠠ ᠢᠳᠡᠪᠬᠢ ᠬᠦᠴᠦᠨ ᠵᠦᠢᠯ᠎ᠢ ᠭᠦᠢᠴᠡᠳ ᠲᠠᠢ᠌ᠴᠢᠯᠠᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ》 ᠁ ᠶᠡᠷᠦᠩᠬᠡᠢ ᠱᠦᠵᠢ ᠰᠢ ᠵᠢᠨ ᠫᠢᠩ ᠤᠳᠠᠭ᠎ᠠ ᠪᠦᠷᠢ᠎ᠶ᠋ᠢᠨ ᠴᠢᠬᠤᠯᠠ ᠶᠠᠷᠢᠶᠠᠨ᠎ᠳᠠᠭᠠᠨ ᠦᠨᠳᠦᠰᠦᠲᠡᠨ᠎ᠦ ᠪᠦᠯᠬᠦᠮᠳᠡᠯ᠎ᠦᠨ ᠠᠤᠭ᠎ᠠ ᠬᠦᠴᠦᠨ᠎ᠢ ᠴᠢᠬᠤᠯᠠᠴᠢᠯᠠᠪᠠ᠃
ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠭ᠍ᠯᠠᠭ᠍ᠳᠠᠰᠢ ᠦᠭᠡᠢ ᠶᠤᠮ᠃ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃
10 ᠵᠢᠯ᠎ᠦᠨ ᠡᠮᠦᠨ᠎ᠡ᠂ 5 ᠵᠢᠯ᠎ᠦᠨ ᠡᠮᠦᠨ᠎ᠡ᠂ 《ᠠᠷᠪᠠᠨ ᠭᠤᠷᠪᠠᠳᠤᠭᠠᠷ ᠲᠠᠪᠤᠨ ᠵᠢᠯ》 ᠪᠠ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠡᠬᠢᠯᠡᠯᠳᠠ᠎ᠳᠤ᠂ ᠶᠡᠷᠦᠩᠬᠡᠶ ᠱᠦᠵᠢ ᠰᠢ ᠵᠢᠨ ᠫᠢᠩ ᠬᠥᠬᠡᠨᠠᠭᠤᠷ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠪᠦᠷ ᠣᠷᠣᠯᠴᠠᠵᠤ᠂ ᠦᠨᠳᠦᠰᠦᠲᠡᠨ᠎ᠦ ᠠᠵᠢᠯ᠎ᠤᠨ ᠲᠤᠬᠠᠶ ᠲᠣᠰ ᠲᠣᠰ ᠴᠢᠬᠤᠯᠠ ᠵᠢᠯᠣᠭᠣᠳᠣᠯᠭ᠎ᠠ ᠬᠢᠪᠠ᠄ 《ᠦᠨᠳᠦᠰᠦᠲᠡᠨ᠎ᠨᠦᠭᠦᠳ᠎ᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠬᠡᠷ ᠪᠦᠯᠢ᠎ᠳᠦ ᠠᠬ᠎ᠠ ᠳᠡᠭᠦᠦ ᠮᠡᠲᠦ ᠳᠣᠲᠣᠨᠣ ᠪᠠᠢᠯᠭᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠡᠶ᠎ᠡ ᠨᠠᠢᠷᠲᠠᠶ ᠪᠠᠢᠵᠤ᠂ ᠬᠠᠮᠲᠤ᠎ᠪᠠᠷ ᠬᠥᠭ᠌ᠵᠢᠭᠦᠯᠬᠦ ᠬᠡᠷᠡᠭᠳᠡᠢ》᠂ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠴᠢᠩᠭᠠᠳᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠢᠯᠡᠭᠦᠬᠡᠨ ᠰᠠᠢᠨ ᠶᠠᠪᠤᠳᠠᠯ ᠬᠢᠵᠦ᠍᠂ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠭᠦ ᠬᠡᠷᠡᠭᠳᠡᠢ》᠃
ᠤᠳᠤ᠂ 《ᠠᠷᠪᠠᠨ ᠳᠠᠪᠤᠳᠤᠭᠠᠷ ᠲᠠᠪᠤᠨ ᠵᠢᠯ》 ᠡᠬᠢᠯᠡᠪᠡ᠃ 《ᠠᠷᠪᠠᠨ ᠳᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠦᠯᠬᠢᠨ ᠠᠬᠢᠭᠤᠯᠬᠤ》 ᠶ᠋ᠢ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠲᠦᠯᠬᠢᠨ ᠠᠬᠢᠭᠤᠯᠬᠤ᠎ᠶ᠋ᠢᠨ ᠴᠢᠬᠤᠯᠠ ᠪᠦᠷᠢᠯᠳᠦᠬᠦᠨ ᠬᠡᠰᠡᠭ᠎ᠲᠦ ᠣᠷᠣᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠨᠢ ᠡᠬᠢᠯᠡᠯᠲᠡ᠎ᠶ᠋ᠢᠨ ᠵᠢᠯ᠎ᠳᠦ ᠰᠠᠭᠤᠷᠢ᠎ᠶ᠋ᠢ ᠪᠠᠳᠤᠵᠢᠭᠤᠯᠵᠤ ᠦᠨᠳᠦᠰᠦ᠎ᠶ᠋ᠢ ᠪᠡᠬᠢᠵᠢᠭᠦᠯᠬᠦ᠌ ᠭᠦᠨᠵᠡᠭᠡᠢ ᠪᠣᠳᠣᠯᠬᠢᠯᠠᠯ᠎ᠢ ᠢᠯᠡᠷᠡᠭᠦᠯᠪᠡ᠃
ᠦᠵᠡᠯ ᠰᠠᠨᠠᠭᠠᠨ᠎ᠤ ᠵᠢᠯᠤᠭᠤᠳᠤᠯᠭ᠎ᠠ ᠡᠴᠡ ᠦᠢᠯᠡᠳᠦᠯᠭᠡ᠎ᠶ᠋ᠢᠨ ᠪᠠᠢᠷᠢᠯᠠᠭᠤᠯᠤᠯᠲᠠ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠤᠷᠤᠬ᠍ᠰᠢ ᠬᠥᠭ᠌ᠵᠢᠬᠦ᠌᠎ᠶ᠋ᠢ ᠬᠦᠴᠦᠲᠡᠢ ᠬᠦᠳᠦᠯᠥᠨ ᠳᠠᠭᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠴᠡᠴᠡᠭ ᠳᠤᠮᠳᠠᠳᠤ᠎ᠶ᠋ᠢᠨ ᠡᠬᠡ ᠭᠠᠵᠠᠷ᠎ᠲᠤ ᠥᠨᠢᠳᠡ ᠪᠠᠳᠠᠷᠠᠨ ᠳᠡᠯᠭᠡᠷᠡᠨ᠎ᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)