ᠸᠠᠩ ᠸᠧᠶ ᠵᠥᠩ ᠪᠦᠦ ᠭᠠᠩ ᠶᠠᠩ ᠵᠧᠨ ᠡᠸ᠋ ᠪᠦ᠋ ᠱᠢᠶᠤᠤ ᠯᠢᠨ ᠦᠭᠡ ᠬᠡᠯᠡᠪᠡ
3 ᠰᠠᠷ᠎ᠠ᠎ᠶ᠋ᠢᠨ 10 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠬᠢᠨᠠᠨ ᠵᠥᠪᠯᠡᠪᠡ᠃
ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠢ ᠵᠦᠩ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠦ᠍᠂ ᠪᠦᠦ ᠭᠠᠩ᠂ ᠶᠠᠩ ᠵᠧᠨ ᠡᠸ᠋᠂ ᠪᠦ᠋ ᠱᠢᠶᠤᠤ ᠯᠢᠨ ᠵᠡᠷᠭᠡ ᠲᠥᠯᠥᠭᠡᠯᠡᠭ᠌ᠴᠢ ᠦᠭᠡ ᠬᠡᠯᠡᠵᠦ᠍᠂ ᠯᠢᠦ ᠱᠤᠸᠠᠩ᠂ ᠵᠠᠩ ᠱᠤᠤ ᠴᠦᠨ᠂ ᠵᠧᠩ ᠬᠣᠩ ᠹᠠᠨ᠂ ᠢᠦᠢ ᠯᠢ ᠱᠢᠨ ᠲᠤᠰ ᠲᠤᠰ ᠦᠳᠡ᠎ᠶ᠋ᠢᠨ ᠡᠮᠦᠨᠡᠬᠢ ᠪᠠ ᠦᠳᠡ᠎ᠶ᠋ᠢᠨ ᠬᠣᠢᠨᠠᠬᠢ ᠬᠤᠷᠠᠯ᠎ᠢ ᠡᠷᠬᠢᠯᠡᠪᠡ᠃ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ᠂ ᠶᠡᠬᠡ ᠬᠤᠷᠠᠯ᠎ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃
ᠸᠠᠩ ᠸᠧᠢ ᠵᠦᠩ ᠲᠥᠯᠥᠭᠡᠯᠡᠭ᠌ᠴᠢ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠦᠨᠳᠦᠰᠦᠨ ᠵᠣᠷᠢᠯᠲᠠ ᠪᠣᠯᠤᠨ ᠶᠡᠬᠡ ᠲᠠᠯ᠎ᠠ᠎ᠳᠤ ᠦᠢᠯᠡᠴᠢᠯᠡᠬᠦ᠌ ᠡᠭᠦᠷᠭᠡ ᠬᠠᠷᠢᠭᠤᠴᠠᠯᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠤᠯᠤᠰ ᠲᠦᠷᠦ᠍᠎ᠶ᠋ᠢᠨ ᠦᠨᠳᠦᠷᠴᠡ᠂ ᠬᠠᠤᠯᠢ ᠪᠡᠷ ᠵᠠᠰᠠᠬᠤ ᠬᠦᠴᠦᠨ᠂ ᠠᠷᠠᠳ᠎ᠤᠨ ᠠᠮᠢᠳᠤᠷᠠᠯ ᠢ᠋ ᠴᠢᠬᠤᠯᠠᠴᠢᠯᠠᠭᠰᠠᠨ ᠰᠠᠢ᠌ᠨ ᠮᠡᠳᠡᠭᠦᠯᠦᠯᠳᠡ ᠪᠣᠯᠵᠡᠢ᠂ ᠪᠢ ᠪᠦᠷᠢᠮᠦᠰᠦᠨ ᠵᠥᠪᠱᠢᠶᠡᠷᠡᠨ᠎ᠡ᠃ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠲᠦᠮᠵᠢᠲᠡᠢ ᠠᠬᠢᠭᠤᠯᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠦᠢᠯᠡᠳᠦᠯᠭᠡ᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠨᠡᠨ ᠬᠦ᠌ ᠪᠠᠲᠤᠯᠠᠨ ᠨᠡᠮᠡᠭ᠌ᠳᠡᠭᠦᠯᠵᠦ᠍᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠲᠡᠮᠦᠷ ᠴᠡᠷᠢᠭ᠎ᠢ ᠴᠢᠷᠮᠠᠢᠨ ᠪᠣᠯᠪᠠᠰᠤᠷᠠᠭᠤᠯᠵᠤ᠂ ᠡᠯ᠎ᠡ ᠵᠦᠢᠯ᠎ᠦᠨ ᠠᠵᠢᠯ ᠴᠥᠮ ᠱᠢᠨ᠎ᠡ ᠦᠷ᠎ᠡ ᠪᠦᠲᠦᠮᠵᠢ ᠤᠯᠪᠠ᠃ ᠪᠢᠳᠡ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠭᠦᠯᠦᠯᠳᠡ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ ᠬᠠᠤᠯᠢ ᠪᠠᠷᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠢ ᠬᠠᠤᠯᠢ ᠴᠠᠭᠠᠵᠠ ᠵᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠭᠡᠵᠠᠢ᠃
ᠪᠦᠦ ᠭᠠᠩ ᠲᠥᠯᠥᠭᠡᠯᠡᠭ᠌ᠴᠢ᠂ ᠠᠷᠠᠳ ᠤᠨ ᠳᠡᠭᠡᠳᠦ ᠱᠢᠭᠦᠬᠦ᠌ ᠬᠣᠷᠢᠶ᠎ᠠ ᠂ ᠠᠷᠠᠳ ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ ᠤᠨ ᠮᠡᠳᠡᠭᠦᠯᠦᠯᠲᠡ ᠨᠢ ᠰᠢ ᠵᠢᠨ ᠫᠢᠩ ᠦᠨ ᠬᠠᠤᠯᠢ ᠪᠡᠷ ᠵᠠᠰᠬᠠᠤ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠎ᠠ ᠪᠠᠷᠢᠮᠲᠠ᠎ᠪᠠᠷ ᠦᠭᠡ ᠬᠡᠯᠡᠵᠤ᠂ ᠬᠡᠷᠡᠭ᠎ᠦᠨ ᠵᠢᠱ᠌ᠢᠢ᠎ᠡ᠎ᠪᠡᠷ ᠬᠠᠤᠯᠢ ᠵᠢ ᠲᠠᠢᠯᠪᠤᠷᠢᠯᠠᠵᠤ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠠᠲᠤᠯᠠᠬᠤ᠂ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌᠂ ᠴᠢᠨᠠᠷ ᠰᠠᠢᠲᠠᠢ ᠠᠮᠢᠳᠤᠷᠠᠯ᠎ᠢ ᠬᠠᠮᠠᠭᠠᠯᠠᠬᠤ ᠤᠯᠤᠰ ᠲᠦᠷᠦ᠍᠎ᠶ᠋ᠢᠨ ᠵᠣᠭ᠍ᠰᠣᠴᠠ ᠪᠠ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》 ᠢ᠋ ᠪᠠᠭ᠍ᠲᠠᠭᠠᠵᠤ᠂ ᠬᠠᠤᠯᠢ ᠪᠡᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠥᠪ ᠭᠣᠣᠯᠴᠢ ᠱᠢᠳᠤᠷᠭᠤ ᠶᠣᠰᠣ᠎ᠶ᠋ᠢ ᠢᠯᠡᠷᠡᠭᠦᠯᠵᠦ᠍᠂ ᠵᠣᠷᠢᠯᠲᠠ᠎ᠶ᠋ᠢᠨ ᠤᠬᠠᠮᠰᠠᠷ᠎ᠢ ᠦᠢᠯᠡᠳᠦᠯᠭᠡᠵᠢᠭᠦᠯᠦᠭᠰᠡᠨ ᠰᠠᠢ᠌ᠨ ᠮᠡᠳᠡᠭᠦᠯᠦᠯᠲᠡᠪᠤᠯᠵᠠᠢ᠂ ᠪᠢ ᠪᠦᠷᠢᠮᠦᠰᠦᠨ ᠵᠥᠪᠱᠢᠶᠡᠷᠡᠨᠠ᠃ ᠥᠩᠭᠡᠷᠡᠭ᠌ᠰᠡᠨ ᠨᠢᠭᠡ ᠵᠢᠯ᠎ᠳᠦ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠶᠡᠬᠡ ᠲᠠᠯ᠎ᠠ᠎ᠳᠤ ᠦᠢᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ ᠪᠡᠷ ᠵᠠᠰᠬᠠᠤ ᠵᠢᠨ ᠲᠦᠯᠦᠭᠡ ᠬᠠᠷᠢᠭᠤᠴᠠᠯᠭ᠎ᠠ ᠡᠭᠦᠷᠭᠡᠯᠡᠬᠦ ᠵᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠪᠠ᠃ ᠪᠢᠳᠡ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠤᠯᠢ ᠪᠡᠷ ᠵᠠᠰᠬᠠᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠬᠠᠤᠯᠢ ᠶᠣᠰᠣᠭᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ᠎ᠶ᠋ᠢ ᠢᠮᠠᠭ᠍ᠲᠠ ᠪᠠᠷᠢᠮᠲᠠᠯᠠᠵᠤ᠂ ᠨᠠᠩ ᠥᠨᠳᠥᠷ ᠲᠦᠪᠱᠢᠨ ᠪᠥᠬᠥᠶ ᠬᠠᠤᠯᠢ ᠪᠡᠷ ᠵᠠᠰᠬᠠᠤ ᠥᠪᠥᠷ ᠮᠣᠩᠭᠣᠯ᠎ᠢ ᠴᠢᠷᠮᠠᠢᠨ ᠪᠦᠳᠦᠭᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠦᠨ᠎ᠡ ᠭᠡᠪᠡ᠃
ᠶᠠᠩ ᠵᠧᠨ ᠦ᠋ ᠲᠥᠯᠥᠭᠡᠯᠡᠭ᠌ᠴᠢ᠂ 《ᠬᠤᠶᠠᠷ ᠬᠤᠷᠢᠶ᠎ᠠ》 ᠵᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠵᠦ᠍ ᠪᠠᠢᠨ᠎ᠠ᠃ 2025 ᠣᠨ᠎ᠳᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠭᠤᠤᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠵᠦ᠍᠂ ᠬᠠᠤᠯᠢ ᠳ᠋ᠤ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠱᠢᠭᠦᠨ ᠲᠠᠰᠤᠯᠬᠤ ᠪᠠ ᠪᠠᠢᠴᠠᠭᠠᠬᠤ ᠠᠵᠢᠯ᠎ᠤᠨ ᠣᠳᠣᠬᠢᠴᠢᠯᠠᠯᠲᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠤᠯᠭᠠᠭᠤᠷᠢᠯᠠᠬᠤ ᠪᠠ ᠲᠡᠭᠦᠨ᠎ᠳᠦ ᠦᠶ᠋ᠯᠡᠴᠢᠯᠡᠵᠦ᠍᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠵᠠᠢ ᠭᠡᠪᠡ᠃
ᠪᠦ᠋ ᠱᠢᠶᠤᠤ ᠯᠢᠨ ᠲᠥᠯᠥᠭᠡᠯᠡᠭ᠌ᠴᠢ᠂ 《ᠬᠣᠶᠠᠷ ᠬᠤᠷᠢᠶ᠎ᠠ》 ᠶ᠋ᠢᠨ ᠠᠵᠢᠯ᠎ᠤᠨ ᠮᠡᠳᠡᠭᠦᠯᠦᠯᠲᠡ᠎ᠶ᠋ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠪᠠ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠥᠨᠳᠥᠷ ᠲᠦᠪᠱᠢᠨ ᠪᠦᠬᠦᠢ ᠠᠮᠤᠭᠤᠯᠠᠩᠳᠤ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠬᠠᠤᠯᠢ ᠶᠣᠰᠣᠭᠠᠷ ᠦᠢᠯᠡᠴᠢᠯᠡᠬᠦ᠌᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠂ ᠠᠷᠠᠳ ᠲᠦᠮᠡᠨ᠎ᠦ ᠡᠷᠬᠡ ᠠᠱᠢᠭ᠎ᠢ ᠬᠠᠮᠠᠭᠠᠯᠠᠬᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ ᠪᠣᠯᠤᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠥᠮ ᠱᠢᠨ᠎ᠡ ᠦᠷ᠎ᠡ ᠪᠦᠲᠦᠮᠵᠢ ᠣᠯᠵᠤ᠂ ᠨᠡᠢᠭᠡᠮ᠎ᠦᠨ ᠡᠯ᠎ᠡ ᠲᠠᠯ᠎ᠠ᠎ᠳᠤ ᠬᠠᠤᠯᠢ ᠪᠠᠷᠢᠬᠤ ᠲᠠᠪᠱᠢᠯᠳᠠ᠎ᠶ᠋ᠢ ᠭᠦᠢᠴᠡᠳ ᠮᠡᠳᠡᠷᠡᠭᠦᠯᠵᠦ᠍᠂ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ᠎ᠶᠢᠨ ᠢᠯᠡᠳᠲᠡ ᠳᠠᠪᠠᠭᠤᠯᠢᠭ᠎ᠢ ᠢᠯᠡᠷᠡᠭᠦᠯᠪᠡ᠃ ᠡᠨᠡ ᠵᠢᠯ᠎ᠦᠨ ᠠᠵᠢᠯ᠎ᠤᠨ ᠲᠣᠬᠢᠷᠠᠭᠤᠯᠤᠯᠲᠠ ᠨᠢ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠬᠦ᠎ᠳᠦ ᠦᠶ᠋ᠯᠡᠴᠢᠯᠡᠭᠦ ᠪᠠ ᠪᠠᠳᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠪᠠ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠤᠯᠤᠰ ᠲᠥᠷᠥ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢ ᠬᠠᠷᠠᠭᠤᠯᠤᠭ᠍ᠰᠠᠨ ᠪᠥᠭᠡᠳ ᠪᠠᠰᠠ ᠨᠠᠩ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠥᠲᠥᠭᠡᠨ ᠪᠠᠢᠭᠤᠯᠬᠤ ᠢᠳᠡᠷᠡᠭᠦᠨ ᠠᠯᠬᠤᠭ᠎ᠠ᠎ᠶ᠋ᠢ ᠬᠠᠷᠠᠭᠤᠯᠤᠭ᠍ᠰᠠᠨ ᠪᠠᠢᠨ᠎ᠠ ᠭᠡᠪᠡ᠃
ᠲᠠᠩ ᠴᠤᠤ᠂ ᠯᠢ ᠪᠢᠨ᠂ ᠶᠠᠩ ᠵᠢᠨ᠂ ᠯᠢᠦ ᠱᠤᠸᠠᠩ᠂ ᠯᠢᠨ ᠱᠤᠤ ᠴᠦᠨ᠂ ᠵᠠᠩ ᠱᠤᠤ ᠴᠦᠨ᠂ ᠵᠧᠩ ᠬᠣᠩ ᠹᠠᠨ᠂ ᠶᠠᠩ ᠽᠦᠩ ᠷᠧᠨ᠂ ᠯᠢ ᠶᠦᠩ ᠵᠢᠶᠦ᠋ᠨ᠂ ᠸᠠᠩ ᠵᠧᠨ᠂ ᠯᠦᠸᠧ ᠴᠢᠩ᠂ ᠳ᠋ᠦ᠋ ᠬᠣᠶ ᠯᠢᠶᠠᠩ᠂ ᠸᠠᠩ ᠸᠠᠩ ᠱᠧᠩ᠂ ᠰᠦᠬᠡ᠂ ᠵᠣᠣ ᠬᠣᠶ ᠵᠢᠶᠧ᠂ ᠾᠧ ᠮᠠᠢᠯᠠᠰᠤ᠂ ᠵᠢᠦᠢ ᠱᠤ᠌ ᠸᠸᠨ᠂ ᠾᠧ ᠬᠠᠶ ᠳ᠋ᠦᠩ᠂ ᠦ᠋ ᠬᠠᠢ ᠵᠢᠶᠦ᠋ᠨ᠂ ᠵᠤᠸᠠᠩ ᠾᠧ᠂ ᠡᠸ᠋ ᠶᠢᠩ᠂ ᠯᠦ᠍ ᠬᠣᠩ ᠪᠥᠸᠧ᠂ ᠴᠢ ᠹᠸᠢ ᠶᠦᠨ᠂ ᠵᠢᠨ ᡁᠢ ᠵᠢᠶᠦ᠋ᠨ᠂ ᠮᠸᠩ ᠹᠠᠨ ᠶᠢᠩ᠂ ᠵᠢᠢ ᠶᠦᠩ ᠴᠢᠶᠠᠨ᠂ ᠵᠠᠩ ᠷᠦᠢ᠂ ᠶᠠᠨ ᠬᠣᠩ ᠸᠧᠶ᠂ ᠶᠠᠨ ᠬᠣᠩ ᠭᠤᠸᠠᠩ᠂ ᠯᠢ ᠵᠥᠩ ᠽᠸᠩ᠂ ᠴᠢ ᠢᠦᠶ ᠴᠢᠨ᠂ ᠬᠤ᠌ ᠬᠠᠢ ᠵᠢᠦᠸᠠᠨ᠂ ᠱᠢᠩ ᠵᠢᠶᠧ ᠬᠣᠩ᠂ ᠸᠠᠩ ᠵᠣᠣ ᠮᠢᠩ᠂ ᠱ᠌ᠢ ᠢᠦᠶ ᠳ᠋ᠦᠩ᠂ ᠭᠦᠩ ᠮᠢᠩ ᠵᠦ᠍᠂ ᠭᠦᠸᠧ ᠢᠦᠶ ᠹᠧᠩ᠂ ᠤ᠌ᠤ ᠬᠣᠶ ᠷᠠᠨ᠂ ᠳ᠋ᠦ᠋ ᠭᠠᠩ᠂ ᠡᠷᠳᠡᠨᠢᠳᠠᠯᠠᠶ᠂ ᠱᠢᠤᠸᠠᠢ ᡁᠢ ᠯᠦᠩ᠂ ᠴᠧᠨ ᠠᠶ ᠱᠢᠤᠸᠠᠢ᠂ ᠱᠢᠤᠢ ᠵᠢᠶᠠᠨ ᠱᠢᠩ ᠵᠡᠷᠭᠡ ᠲᠥᠯᠥᠭᠡᠯᠡᠭ᠌ᠴᠢ ᠦᠭᠡ ᠬᠡᠯᠡᠪᠡ᠃ ᠤᠯᠠᠨ᠎ᠢᠶᠠᠷ᠎ᠢᠶᠠᠨ᠂ 《ᠬᠤᠶᠠᠷ ᠬᠤᠷᠢᠶ᠎ᠠ》 ᠵᠢᠨ ᠮᠡᠳᠡᠭᠦᠯᠦᠯᠲᠡ ᠨᠢ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠲᠤᠭᠤᠱᠢᠯᠠᠭᠤᠯᠤᠭ᠍ᠰᠠᠨ ᠬᠠᠤᠯᠢ ᠪᠠᠷᠢᠬᠤ ᠦᠢᠯᠡᠳᠦᠯᠭᠡ ᠪᠠ ᠠᠵᠢᠯ᠎ᠤᠨ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠰᠠᠬᠢᠨ ᠬᠠᠮᠠᠭᠠᠯᠠᠬᠤ᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠵᠦ᠍᠂ ᠲᠤᠭ᠎ᠢ ᠥᠨᠳᠥᠷ ᠮᠠᠨᠳᠤᠭᠤᠯᠵᠤ᠂ ᠬᠠᠤᠯᠢ ᠪᠡᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠭᠰᠠᠨ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭᠭᠦᠭᠰᠡᠨ ᠰᠠᠢ᠌ᠨ ᠮᠡᠳᠡᠭᠦᠯᠦᠯᠲᠡ ᠪᠤᠯᠵᠠᠢ᠂ ᠲᠤᠰ ᠬᠣᠶᠠᠷ ᠮᠡᠳᠡᠭᠦᠯᠦᠯᠲᠡ᠎ᠶ᠋ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠦ᠍ ᠢᠯᠡᠳᠭᠡᠵᠡᠭᠡᠪᠡ᠃