ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠠᠩᠬᠠᠳᠤᠭᠠᠷ ᠬᠤᠷᠠᠯ ᠬᠤᠷᠠᠯᠳᠤᠪᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠪᠡ
2026-03-11 10:24:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠤᠤ ᠯᠧ ᠵᠢᠢ ᠬᠤᠷᠠᠯ᠎ᠢ ᠡᠷᠬᠢᠯᠡᠵᠡᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠠᠩᠬᠠᠳᠤᠭᠠᠷ ᠬᠤᠷᠠᠯ 10 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌᠂ ᠡᠨᠡ ᠭᠤᠷᠪᠠᠨ ᠬᠠᠤᠯᠢ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠵᠥᠩ ᠱᠠᠨ᠎ᠤ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 《ᠠᠷᠪᠠᠳᠤᠭᠠᠷ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠬᠤᠷᠠᠯ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠬᠣᠩ ᠼᠠᠢ᠎ᠶ᠋ᠢᠨ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠤᠶᠠᠷ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠬᠤᠷᠠᠯ᠎ᠡᠴᠡ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ 《ᠠᠷᠪᠠᠳᠤᠭᠠᠷ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠭᠤᠷᠪᠠᠨ ᠱᠢᠶ᠋ᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠬᠢᠨᠠᠨ ᠵᠥᠪᠯᠡᠪᠡ᠃

ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠲᠥᠰᠦᠯ᠂ ᠮᠡᠳᠡᠭᠦᠯᠦᠯᠲᠡ ᠵᠡᠷᠭᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠣᠶᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ ᠬᠤᠷᠠᠯ᠎ᠳᠤ ᠣᠷᠣᠯᠴᠠᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ  ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 10 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ ᠵᠢᠨ ᠬᠤᠷᠠᠯ ᠬᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠬ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠬ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠬ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠱᠢᠢᠳᠪᠦᠷᠢ᠎ᠶ᠋ᠢᠨ ᠲᠥᠰᠦᠯ ᠵᠡᠷᠭᠡ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ᠎ᠳᠤ ᠣᠷᠣᠯᠴᠠᠬᠤ ᠶᠣᠰᠣᠲᠠᠢ ᠬᠦᠮᠦᠨ 167 ᠪᠠᠢᠵᠤ᠂ 162 ᠬᠥᠮᠦᠨ ᠣᠷᠣᠯᠴᠠᠵᠤ᠂ 5 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

3 ᠰᠠᠷ᠎ᠠ᠎ᠶ᠋ᠢᠨ 8 ᠎ᠤ᠋ ᠡᠳᠦᠷ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠮᠢ ᠠᠬᠤᠶ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠨᠠᠷᠢᠨ ᠬᠢᠨᠠᠮᠠᠭᠠᠶ ᠬᠢᠨᠠᠨ ᠵᠦᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠡᠯ᠎ᠡ ᠵᠦᠢᠯ᠎ᠦᠨ ᠲᠥᠰᠦᠯ᠎ᠢ ᠬᠢᠨᠠᠨ ᠵᠥᠪᠯᠡᠵᠦ᠍᠂ ᠭᠤᠷᠪᠠᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠲᠤᠰ ᠲᠤᠰ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠡᠨᠡ ᠭᠤᠷᠪᠠᠨ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠪᠣᠯᠤᠨ ᠭᠤᠷᠪᠠᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠪᠠᠲᠤᠯᠠᠵᠤ᠂ ᠭᠤᠷᠪᠠᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠣᠯᠤᠨ 6 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠭᠣᠣᠯ ᠬᠠᠷᠠᠯᠲᠠ᠂ ᠴᠢᠬᠤᠯᠠ ᠶᠡᠬᠡ ᠡᠭᠦᠷᠭᠡ ᠪᠠ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠡᠢᠳᠡᠮ ᠳ᠋ᠡᠭᠡᠨ ᠵᠥᠪᠱᠢᠶᠡᠷᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠰᠠᠨᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠢᠯᠡᠳᠭᠡᠯ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ ᠡᠷᠬᠢᠯᠡᠭ᠌ᠴᠢ ᠭᠡᠱᠢᠭᠦᠨ ᠵᠦᠩ ᠱᠠᠨ ᠬᠤᠷᠠᠯ ᠳᠡᠭᠡᠷ᠎ᠡ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠳᠦᠯᠪᠦᠷᠢ ᠵᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ ᠤ᠋ᠨ ᠦᠵᠡᠬᠦ ᠪᠡᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢᠨ ᠲᠥᠰᠦᠯ ᠨᠢ《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 ᠳ᠋ᠤ ᠳᠤᠷᠠᠳᠤᠭ᠍ᠰᠠᠨ ᠬᠠᠷᠠᠯᠲᠠ ᠪᠠ ᠱᠠᠭᠠᠷᠳᠠᠯᠭ᠎ᠠ᠎ᠳᠤ ᠨᠡᠢᠴᠡᠵᠦ᠍᠂ ᠭᠣᠣᠯ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠨᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠲᠠᠢ ᠨᠡᠢᠴᠡᠵᠤ᠂ ᠭᠣᠣᠯ ᠬᠠᠷᠠᠯᠲᠠ᠂ ᠭᠣᠣᠯᠳᠠᠯᠭ᠎ᠠ᠎ᠲᠠᠶ ᠡᠭᠦᠷᠭᠡ ᠪᠠ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ ᠨᠢ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠬᠥᠭ᠌ᠵᠢᠯᠲᠡ᠎ᠶ᠋ᠢᠨ ᠱᠠᠲᠤ ᠲᠠᠢ ᠨᠡᠢᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠤᠰᠤᠳᠴᠢ ᠵᠢᠮ᠎ᠡ ᠶᠣᠰᠣ ᠲᠠᠢ ᠨᠡᠢᠴᠡᠵᠦ᠍᠂ ᠤᠯᠤᠰ᠎ᠤᠨ ᠳᠤᠮᠳᠠ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠲᠠᠢ ᠨᠡᠢᠴᠡᠵᠦ᠍᠂ ᠶᠡᠷᠦᠩᠬᠡᠢ᠎ᠳᠡᠭᠡᠨ ᠬᠡᠷᠡᠭ᠌ᠵᠢᠭᠦᠯᠦᠬᠦᠰᠢᠳᠠᠢ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠳᠦᠯᠪᠦᠷᠢ(ᠲᠥᠰᠦᠯ)》 ᠶ᠋ᠢ ᠵᠦᠪᠰᠢᠶᠡᠷᠡᠬᠦ ᠵᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳ᠋ᠤ ᠰᠠᠨᠠᠭᠤᠯᠪᠠ᠃

ᠵᠦᠩ ᠱᠠᠨ ᠬᠤᠷᠠᠯ ᠳᠡᠭᠡᠷ᠎ᠡ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ  ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠤᠨ ᠦᠵᠡᠬᠦ ᠪᠡᠷ᠂ 2025 ᠣᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠶᠡᠷᠦᠩᠬᠡᠶ᠎ᠳᠡᠭᠡᠨ ᠨᠡᠯᠢᠶᠡᠳ ᠰᠠᠢᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠤᠷᠠᠳᠤᠭ᠍ᠰᠠᠨ 2026 ᠣᠨ᠎ᠤ ᠲᠥᠯᠥᠪᠯᠡᠭᠡ᠎ᠶ᠋ᠢᠨ ᠲᠤᠬᠢᠷᠠᠭᠤᠯᠤᠯᠲᠠ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠯᠤᠭ᠎ᠠ ᠨᠡᠢᠴᠡᠵᠦ᠍᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢᠨ ᠬᠠᠷᠠᠯᠲᠠ ᠱᠠᠭᠠᠷᠳᠠᠯᠭ᠎ᠠ ᠲᠠᠢ ᠨᠡᠢᠴᠡᠵᠦ᠂ ᠭᠣᠣᠯ ᠬᠠᠷᠠᠯᠲᠠ᠂ ᠭᠣᠣᠯᠳᠠᠯᠭ᠎ᠠ᠎ᠲᠠᠶ ᠡᠭᠦᠷᠭᠡ ᠪᠠ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ ᠨᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠨᠥᠬᠥᠴᠡᠯ᠎ᠲᠡᠶ ᠨᠡᠢᠴᠡᠵᠦ᠍᠂ ᠶᠡᠷᠦᠩᠬᠡᠢ᠎ᠳᠡᠭᠡᠨ ᠬᠡᠷᠡᠭ᠌ᠵᠢᠭᠦᠯᠦᠬᠦᠰᠢᠳᠡᠢ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠤᠷᠠᠳᠤᠭ᠍ᠰᠠᠨ《2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠬᠦᠯᠦᠯᠳᠡ》 ᠵᠢ ᠵᠥᠪᠱᠢᠶᠡᠷᠡᠵᠦ᠍᠂ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠰᠠᠨᠠᠭᠤᠯᠪᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠬᠣᠩ ᠼᠠᠢ ᠬᠤᠷᠠᠯ ᠳᠡᠭᠡᠷ᠎ᠡ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠵᠢᠴᠢ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠤᠨ ᠦᠵᠡᠬᠦ ᠪᠡᠷ᠂ 2025 ᠣᠨ᠎ᠤ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠶᠡᠷᠦᠩᠬᠡᠶ᠎ᠳᠡᠭᠡᠨ ᠨᠡᠯᠢᠶᠡᠳ ᠰᠠᠢᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠤᠷᠠᠳᠤᠭ᠍ᠰᠠᠨ 2026 ᠣᠨ᠎ᠤ ᠲᠥᠰᠦᠪ᠎ᠦᠨ ᠮᠡᠳᠡᠭᠦᠯᠦᠯᠲᠡ᠂ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠲᠠᠶ ᠨᠡᠢᠴᠡᠵᠦ᠍᠂ ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠱ᠌ᠢᠭ᠌ᠰᠡᠨ ᠬᠠᠷᠠᠯᠲᠠ ᠪᠣᠯᠤᠨ ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠶᠡᠷᠦᠩᠬᠡᠢ ᠱᠠᠭᠠᠷᠳᠠᠯᠭ᠎ᠠ᠎ᠲᠠᠶ ᠵᠣᠬᠢᠴᠠᠵᠤ᠂ ᠭᠣᠣᠯ ᠣᠷᠣᠯᠭ᠎ᠠ ᠵᠠᠷᠤᠯᠭ᠎ᠠ᠎ᠶ᠋ᠢᠨ ᠲᠦᠷᠦ᠍᠎ᠶ᠋ᠢᠨ ᠪᠤᠳᠤᠯᠭ᠎ᠠ ᠦᠨᠳᠦᠰᠦᠨ᠎ᠳᠡᠭᠡᠨ ᠵᠤᠬᠢᠴᠠᠩᠭᠤᠢ ᠪᠠᠢᠵᠤ᠂ ᠣᠷᠣᠱᠢᠵᠤ ᠪᠠᠢᠭ᠎ᠠ ᠬᠦᠴᠢᠷᠳᠡᠯ ᠪᠣᠯᠤᠨ ᠥᠷᠢᠰᠥᠯᠳᠦᠭᠡᠨ᠎ᠳᠦ ᠨᠠᠷᠢᠨ ᠬᠢᠨᠠᠮᠠᠭᠠᠢ ᠵᠠᠳᠠᠯᠤᠯᠲᠠ ᠬᠢᠵᠦ᠍᠂ ᠠᠵᠢᠯ᠎ᠢᠶᠠᠨ ᠰᠠᠢᠲᠤᠷ ᠬᠢᠬᠦ᠌᠎ᠳᠦ ᠵᠣᠬᠢᠰᠲᠠᠢ ᠲᠤᠬᠢᠷᠠᠭᠤᠯᠤᠯᠳᠠ ᠬᠢᠵᠦ᠍᠂ ᠲᠥᠰᠦᠪ᠎ᠦᠨ ᠬᠠᠤᠯᠢ᠎ᠶ᠋ᠢᠨ ᠲᠣᠭ᠍ᠲᠠᠭᠠᠯ᠎ᠲᠠᠶ ᠨᠡᠢᠴᠡᠵᠦ᠍᠂ ᠶᠡᠷᠦᠩᠬᠡᠢ᠎ᠳᠡᠭᠡᠨ ᠬᠡᠷᠡᠭ᠌ᠵᠢᠭᠦᠯᠦᠬᠦᠰᠢᠳᠡᠢ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠳᠤᠷᠠᠳᠤᠭ᠍ᠰᠠᠨ《2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠶ ᠮᠡᠳᠡᠬᠦᠯᠦᠯᠳᠡ》 ᠵᠢ ᠵᠥᠪᠱᠢᠶᠡᠷᠡᠵᠦ᠍᠂ 2026 ᠣᠨ᠎ᠤ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢᠨ ᠬᠠᠮᠲᠤ 2026 ᠣᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ ᠪᠠ ᠲᠤᠰᠭᠠᠶ ᠵᠦᠢᠯ᠎ᠤᠨ ᠦᠷᠢ ᠥᠭ᠌ᠴᠡᠭᠡᠨ᠎ᠦ ᠬᠢᠵᠠᠭᠠᠷ ᠲᠣᠭ᠎ᠠ᠎ᠶ᠋ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠰᠠᠨᠠᠭᠤᠯᠪᠠ᠃

ᠬᠤᠷᠠᠯ᠎ᠡᠴᠡ  ᠪᠠᠲᠤᠯᠠᠯᠲᠠ ᠬᠢᠬᠦ ᠪᠡᠷ ᠲᠠᠮᠵᠢᠨ᠂ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠭᠤᠷᠪᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠪᠠ᠃

3 ᠰᠠᠷ᠎ᠠ᠎ᠶ᠋ᠢᠨ 6 ᠎ᠤ᠋ ᠡᠳᠦᠷ᠂ ᠡᠯ᠎ᠡ ᠲᠥᠯᠥᠭᠡᠯᠡᠭ᠌ᠴᠢᠳ᠎ᠦᠨ ᠪᠦᠯᠬᠦᠮ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ ᠵᠢᠨ ᠲᠥᠰᠦᠯ᠎ᠢ ᠨᠠᠷᠢᠨ ᠬᠢᠨᠠᠮᠠᠭᠠᠶ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠨ ᠬᠦᠳᠤᠯᠪᠤᠷᠢ ᠵᠢᠨ ᠲᠥᠰᠦᠯ᠎ᠳᠦ ᠵᠠᠰᠠᠪᠤᠷᠢ ᠣᠷᠣᠭᠤᠯᠪᠠ᠃ 3 ᠰᠠᠷ᠎ᠠ᠎ᠶ᠋ᠢᠨ 7 ᠤ᠋ ᠪᠦᠬᠦᠯᠢ ᠡᠳᠦᠷ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠥᠰᠦᠯ᠎ᠢ ᠨᠠᠷᠢᠨ ᠬᠢᠨᠠᠮᠠᠭᠠᠢ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠵᠦ᠍᠂ ᠬᠣᠶᠠᠷ ᠮᠡᠳᠡᠭᠦᠯᠦᠯᠲᠡ᠎ᠳᠦ ᠲᠤᠰ ᠲᠤᠰ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠂ ᠬᠦᠳᠤᠯᠪᠤᠷᠢ ᠵᠢᠨ ᠲᠥᠰᠦᠯ ᠪᠣᠯᠤᠨ ᠮᠡᠳᠡᠬᠦᠯᠦᠯᠳᠠ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ ᠪᠣᠯᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠦᠪᠯᠡᠯ ᠤ᠋ᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠦᠨᠳᠦᠰᠦᠯᠡᠵᠦ᠍᠂ 《 ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ ᠵᠢᠨ ᠲᠥᠰᠦᠯ᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠤᠬᠠᠢ ᠭᠤᠷᠪᠠᠨ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠵᠠᠢ᠃ ᠬᠤᠷᠠᠯ᠎ᠡᠴᠡ ᠪᠠᠳᠤᠯᠠᠯᠲᠠ ᠬᠢᠬᠦ ᠪᠡᠷ ᠳᠠᠮᠵᠢᠨ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠯᠢᠦ ᠴᠢ ᠬᠤᠷᠠᠯ᠎ᠳᠤ ᠣᠷᠣᠯᠴᠠᠵᠠᠢ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号