ᠸᠠᠩ ᠬᠣ᠌ ᠨᠢᠩ ᠬᠤᠷᠠᠯ᠎ᠢ ᠡᠷᠬᠢᠯᠡᠵᠡᠢ
ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠷᠪᠠᠨ ᠵᠢᠷᠭᠤᠳᠤᠭᠠᠷ ᠬᠤᠷᠠᠯ 10 ᠤ᠋ ᠦᠳᠡ᠎ᠶ᠋ᠢᠨ ᠬᠣᠢᠨ᠎ᠠ ᠪᠡᠭᠡᠵᠢᠩ᠎ᠳᠦ ᠬᠤᠷᠠᠯᠳᠤᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ ᠬᠤᠷᠠᠯ᠎ᠢ ᠡᠷᠬᠢᠯᠡᠪᠡ᠃
ᠬᠤᠷᠠᠯ᠎ᠡᠴᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠥᠰᠦᠯ᠎ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠂ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠰᠠᠨᠠᠯ ᠳᠤᠷᠠᠳᠤᠯᠭ᠎ᠠ ᠵᠢᠨ ᠵᠦᠪᠯᠡᠯ᠎ᠤᠨ ᠮᠡᠳᠡᠭᠦᠯᠦᠯᠲᠡ(ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ(ᠲᠥᠰᠦᠯ)ᠵᠢ ᠬᠢᠨᠠᠨ ᠵᠦᠪᠯᠡᠵᠦ ᠪᠠᠲᠤᠯᠠᠨ᠂ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠠ ᠱᠢᠶ᠋ᠳᠪᠦᠷᠢ(ᠲᠥᠰᠦᠯ) ᠶ᠋ᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ᠎ᠤᠨ ᠲᠡᠭᠦᠰᠭᠦ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠎ᠪᠠᠷ ᠲᠣᠭ᠍ᠲᠠᠪᠠ᠃
ᠬᠤᠷᠠᠯ᠎ᠡᠴᠡ ᠡᠮᠦᠨ᠎ᠡ᠂ ᠸᠠᠩ ᠬᠣ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠴᠢᠨ ᠨᠠᠢ᠍ᠮᠠᠳᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠪᠠᠢᠳᠠᠯ᠎ᠤᠨ ᠲᠤᠬᠠᠢ ᠶᠡᠷᠦᠩᠬᠡᠢᠯᠡᠭ᠌ᠰᠡᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠷᠪᠠᠨ ᠵᠢᠷᠭᠤᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠬᠣᠯᠪᠣᠭ᠍ᠳᠠᠯ ᠪᠦᠬᠦᠢ ᠪᠢᠴᠢᠭ ᠮᠠᠲ᠋ᠧᠷᠢᠶᠠᠯ (ᠲᠥᠰᠦᠯ) ᠢ᠋ ᠬᠢᠨᠠᠨ ᠵᠥᠪᠯᠡᠪᠡ᠃
ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠣ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠣ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠪᠠ᠃
( ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ )