ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ 226 ᠬᠤᠪᠢ ᠭᠥᠯᠢᠶᠡᠨ ᠠᠪᠤᠪᠠ
2026-03-11 10:35:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 3 ᠰᠠᠷ᠎ᠠ᠎ᠶ᠋ᠢᠨ 10 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠣᠢᠯᠠᠭᠠᠭ᠍ᠰᠠᠨ ᠎ᠵᠢᠡᠷ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠲᠣᠭ᠍ᠲᠠᠭᠠᠭ᠍ᠰᠠᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠳᠤᠷᠠᠳᠭᠤ ᠬᠢᠵᠠᠭᠠᠷᠯᠠᠯ᠎ᠤᠨ ᠴᠠᠭ ᠪᠤᠯᠬᠤ 3 ᠰᠠᠷ᠎ᠠ᠎ᠶ᠋ᠢᠨ 8 ᠎ᠤ᠋ ᠡᠳᠦᠷ᠎ᠦᠨ 12 ᠴᠠᠭ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠡᠢᠲᠡ 226 ᠬᠤᠪᠢ ᠬᠦᠯᠢᠶᠡᠨ ᠠᠪᠤᠪᠠ᠃ ᠡᠭᠦᠨ᠎ᠡᠴᠡ ᠭᠠᠳᠠᠨ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠣᠳᠣᠬᠠᠨ᠎ᠳᠤ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠨᠢᠭᠡᠨᠲᠡ 7000 ᠭᠠᠷᠤᠶ ᠬᠤᠪᠢ ᠬᠦᠯᠢᠶᠡᠨ ᠠᠪᠤᠭᠰᠠᠠ ᠪᠠᠢᠨ᠎ᠠ᠃

ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠰᠠᠨᠠᠯ ᠵᠥᠪᠯᠡᠯᠭᠡ᠎ᠶ᠋ᠢᠨ ᠳᠤᠭᠤᠢᠯᠠᠩ᠎ᠤᠨ ᠳᠠᠷᠤᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠲᠥᠯᠥᠭᠡᠯᠡᠭ᠌ᠴᠢᠳ᠎ᠦᠨ ᠠᠵᠢᠯ᠎ᠤᠨ ᠵᠥᠪᠯᠡᠯ᠎ᠦᠨ ᠡᠷᠬᠢᠯᠡᠭ᠌ᠴᠢ ᠭᠦᠸᠧ ᠵᠧᠨ ᠬᠤᠸᠠ᠂ ᠲᠣᠰ ᠤᠳᠠᠭᠠᠨ᠎ᠤ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ ᠳᠣᠲᠣᠷ᠎ᠠ ᠲᠥᠯᠥᠭᠡᠯᠡᠭ᠌ᠴᠢᠳ᠎ᠦᠨ ᠪᠦᠯᠬᠦᠮ 28 ᠬᠤᠪᠢ ᠳᠤᠷᠠᠳᠴᠤ᠌᠂ ᠲᠥᠯᠥᠭᠡᠯᠡᠭ᠌ᠴᠢᠳ ᠨᠡᠷ᠎ᠡ ᠬᠣᠯᠪᠣᠨ 198 ᠬᠤᠪᠢ ᠳᠤᠷᠠᠳᠪᠠ᠃ ᠡᠳᠡᠭᠡᠷ ᠰᠠᠨᠠᠯ ᠵᠥᠪᠯᠡᠯᠭᠡ᠎ᠶ᠋ᠢᠨ ᠵᠤᠨᠭᠭᠢᠯᠠᠬᠤ ᠣᠯᠠᠨ ᠲᠤᠭ᠎ᠠ ᠨᠢ ᠬᠠᠤᠯᠢ ᠴᠠᠭᠠᠵᠠ᠎ᠶ᠋ᠢᠨ ᠲᠤᠬᠠᠢ ᠰᠠᠨᠠᠯ ᠵᠥᠪᠯᠡᠯᠭᠡ ᠪᠠᠢᠵᠤ᠂ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠬᠤ ᠲᠠᠯ᠎ᠠ᠎ᠶ᠋ᠢᠨ ᠰᠠᠨᠠᠯ ᠵᠥᠪᠯᠡᠯᠭᠡ 223 ᠬᠤᠪᠢ᠂ ᠬᠣᠯᠪᠣᠭ᠍ᠳᠠᠯ ᠪᠦᠬᠦᠢ ᠬᠢᠨᠠᠯᠲᠠ ᠲᠠᠯᠪᠢᠬᠤ ᠲᠠᠯ᠎ᠠ᠎ᠶ᠋ᠢᠨ ᠰᠠᠨᠠᠯ ᠵᠥᠪᠯᠡᠯᠭᠡ 3 ᠬᠤᠪᠢ ᠪᠠᠢᠨ᠎ᠠ ᠭᠡᠵᠦ ᠲᠠᠨᠢᠯᠴᠠᠭᠤᠯᠪᠠ᠃

ᠣᠢᠯᠠᠭᠠᠭ᠍ᠰᠠᠨ᠎ᠢᠶᠠᠷ᠂ ᠡᠨᠡ ᠵᠢᠯ᠎ᠦᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠳᠦ ᠭᠤᠤᠯᠳᠠᠭᠤ ᠭᠤᠷᠪᠠᠨ ᠲᠠᠯ᠎ᠠ᠎ᠶ᠋ᠢᠨ ᠣᠨᠴᠠᠯᠢᠭ᠎ᠲᠠᠶ᠄ ᠨᠢᠭᠡ᠎ᠳᠦ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠬᠤ ᠬᠠᠤᠯᠢ ᠲᠣᠭ᠍ᠲᠠᠭᠠᠯᠲᠠ᠎ᠶ᠋ᠢ ᠢᠳᠡᠪᠬᠢᠲᠡᠶ ᠠᠬᠢᠭᠤᠯᠪᠠ᠃ ᠲᠥᠯᠥᠭᠡᠯᠡᠭ᠌ᠴᠢᠳ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠥᠨᠳᠥᠷ  ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠠᠤᠯᠢ ᠴᠠᠭᠠᠵᠠ᠎ᠶ᠋ᠢ ᠲᠣᠭ᠍ᠲᠠᠭᠠᠬᠤ ᠪᠠ ᠲᠡᠭᠦᠨ᠎ᠳᠦ ᠵᠠᠰᠠᠪᠤᠷᠢ ᠣᠷᠣᠭᠤᠯᠬᠤ ᠰᠠᠨᠠᠯ ᠵᠥᠪᠯᠡᠯᠭᠡ ᠳᠤᠷᠠᠳᠴᠤ᠌᠂ ᠬᠣᠯᠪᠣᠭ᠍ᠳᠠᠯ ᠪᠦᠬᠦᠢ ᠰᠠᠨᠠᠯ ᠵᠥᠪᠯᠡᠯᠭᠡ ᠨᠢ ᠰᠠᠨᠠᠯ ᠵᠥᠪᠯᠡᠯᠭᠡ᠎ᠶ᠋ᠢᠨ ᠪᠦᠬᠦ᠌ ᠲᠣᠭᠠᠨ᠎ᠤ ᠭᠤᠷᠪᠠᠨ᠎ᠤ ᠬᠣᠶᠠᠷ ᠬᠤᠪᠢ᠎ᠡᠴᠡ ᠳᠡᠭᠡᠭ᠌ᠰᠢᠬᠢ᠎ᠶ᠋ᠢ ᠡᠵᠡᠯᠡᠪᠡ᠃ ᠬᠣᠶᠠᠷ᠎ᠲᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠠ ᠭᠣᠣᠯᠳᠠᠯᠭ᠎ᠠ᠎ᠲᠠᠶ ᠡᠭᠦᠷᠭᠡ᠎ᠲᠡᠶ ᠨᠢᠭ᠍ᠲᠠ ᠤᠶᠠᠯᠳᠤᠭᠤᠯᠪᠠ᠃ ᠲᠥᠯᠥᠭᠡᠯᠡᠭ᠌ᠴᠢᠳ᠎ᠦᠨ ᠳᠤᠷᠠᠳᠤᠭ᠍ᠰᠠᠨ ᠬᠠᠤᠯᠢ ᠴᠠᠭᠠᠵᠠ᠎ᠶ᠋ᠢᠨ ᠵᠦᠪᠯᠡᠯᠭᠡ ᠨᠢ 147 ᠬᠠᠤᠯᠢ ᠲᠣᠭ᠍ᠲᠠᠭᠠᠬᠤ ᠲᠦᠷᠦᠯ ᠵᠦᠢᠯ ᠳ᠋ᠤ ᠬᠣᠯᠪᠣᠭ᠍ᠳᠠᠵᠠᠢ᠃ ᠡᠭᠦᠨ᠎ᠦ ᠳᠣᠲᠣᠷ᠎ᠠ ᠨᠢᠭᠡᠨᠲᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠠᠤᠯᠢ ᠲᠣᠭ᠍ᠲᠠᠭᠠᠬᠤ ᠲᠥᠯᠥᠪᠵᠢᠭᠦᠯᠭᠡ᠎ᠳᠦ ᠣᠷᠣᠭᠤᠯᠤᠭ᠍ᠰᠠᠨ ᠨᠢ 119 ᠬᠤᠪᠢ ᠪᠠᠢᠵᠤ᠂ ᠬᠠᠤᠯᠢ ᠴᠠᠭᠠᠵᠠ᠎ᠶ᠋ᠢᠨ ᠵᠦᠪᠯᠡᠯᠭᠡ᠎ᠵᠢᠨ ᠶᠡᠷᠦᠩᠬᠡᠢ ᠲᠣᠭᠠᠨ᠎ᠤ 53.6% ᠎ᠶ᠋ᠢ ᠡᠵᠡᠯᠡᠪᠡ᠃ ᠭᠤᠷᠪᠠ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠦᠷᠢᠶᠡᠨ᠎ᠳᠡᠬᠢ ᠬᠠᠤᠯᠢ ᠲᠣᠭ᠍ᠲᠠᠭᠠᠯᠲᠠ᠎ᠶ᠋ᠢ ᠦᠷᠭᠦᠯᠵᠢᠯᠡᠨ ᠠᠬᠢᠭᠤᠯᠪᠠ᠃ ᠲᠥᠯᠥᠭᠡᠯᠡᠭ᠌ᠴᠢᠳ᠎ᠦᠨ ᠳᠤᠷᠠᠳᠤᠭ᠍ᠰᠠᠨ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠵᠦᠪᠯᠡᠯᠭᠡ 66 ᠬᠤᠪᠢ ᠪᠠᠢᠵᠤ᠂ ᠡᠭᠦᠨ᠎ᠳᠦ 7 ᠬᠤᠪᠢ ᠰᠠᠨᠠᠯ ᠵᠥᠪᠯᠡᠯᠭᠡ᠎ᠳᠦ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠳᠤ ᠵᠠᠰᠠᠪᠤᠷᠢ ᠣᠷᠣᠭᠤᠯᠬᠤ᠎ᠪᠠᠷ ᠳᠤᠷᠠᠳᠴᠤ᠌᠂ 5 ᠬᠤᠪᠢ ᠰᠠᠨᠠᠯ ᠵᠥᠪᠯᠡᠯᠭᠡ᠎ᠳᠦ ᠨᠡᠢᠭᠡᠮ᠎ᠦᠨ ᠳᠠᠭᠠᠳᠭᠠᠯ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠪᠠᠷ ᠳᠤᠷᠠᠳᠴᠤ᠌᠂ 5 ᠬᠤᠪᠢ ᠰᠠᠨᠠᠯ ᠵᠥᠪᠯᠡᠯᠭᠡ᠎ᠳᠦ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠬᠠᠤᠯᠢ᠎ᠶ᠋ᠢ ᠲᠣᠭ᠍ᠲᠠᠭᠠᠬᠤ᠎ᠪᠠᠷ ᠳᠤᠷᠠᠳᠴᠤ᠌᠂ 3 ᠬᠤᠪᠢ ᠰᠠᠨᠠᠯ ᠵᠥᠪᠯᠡᠯᠭᠡ᠎ᠳᠦ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ᠎ᠶ᠋ᠢᠨ ᠬᠥᠳᠡᠯᠮᠦᠷᠢᠴᠢᠨ᠎ᠦ ᠡᠷᠬᠡ ᠠᠱᠢᠭ᠎ᠢ ᠪᠠᠲᠤᠯᠠᠬᠤ ᠬᠠᠤᠯᠢ᠎ᠶ᠋ᠢ ᠲᠣᠭ᠍ᠲᠠᠭᠠᠬᠤ᠎ᠪᠠᠷ ᠳᠤᠷᠠᠳᠪᠠ᠃

ᠭᠦᠸᠧ ᠵᠧᠨ ᠬᠤᠸᠠ᠂ ᠲᠥᠯᠥᠭᠡᠯᠡᠭᠴᠢᠳ᠎ᠦᠨ ᠰᠠᠨᠠᠭᠤᠯᠭ᠎ᠠ᠎ᠳᠤ ᠠᠨᠬᠬᠠᠷᠤᠯ ᠲᠠᠯᠪᠢᠵᠤ ᠪᠠᠢᠭ᠎ᠠ ᠵᠦᠢᠯ᠎ᠳᠤ ᠭᠣᠣᠯᠳᠠᠭᠤ᠄ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠵᠤ᠂ ᠰᠢᠨ᠎ᠡ᠎ᠶᠢ ᠡᠭᠦᠳᠬᠦ ᠬᠡᠷᠡᠭᠯᠡᠭᠡᠨ᠎ᠦ ᠠᠬᠤᠢ ᠦᠵᠡᠭᠳᠡᠯ᠎ᠢ ᠰᠢᠯᠢᠳᠡᠭᠵᠢᠭᠦᠯᠵᠤ᠂ ᠳᠣᠲᠣᠭᠠᠳᠤ᠎ᠶᠢᠨ ᠰᠢᠷᠦᠭᠦᠨ ᠥᠷᠢᠰᠦᠯᠳᠦᠭᠡᠨ᠎ᠢ ᠭᠦᠨᠵᠡᠭᠡᠢ ᠴᠡᠭᠴᠡᠯᠡᠨ ᠵᠠᠰᠠᠨ᠎ᠠ᠃ ᠰᠢᠨ᠎ᠡ ᠬᠥᠳᠡᠯᠭᠡᠭᠦ ᠬᠦᠴᠦᠨ᠎ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠣᠶᠤᠨᠴᠢ ᠠᠵᠤ ᠠᠬᠤᠢ᠎ᠶᠢᠨ ᠰᠢᠨ᠎ᠡ ᠬᠡᠯᠪᠡᠷᠢ ᠪᠠᠢᠳᠠᠯ᠎ᠢ ᠪᠤᠢ ᠪᠣᠯᠭᠠᠵᠤ᠂ ᠲᠣᠭᠠᠴᠢᠯᠠᠭᠰᠠᠨ ᠠᠵᠤ ᠠᠬᠤᠢ᠂ ᠲᠠᠪᠴᠠᠩ᠎ᠤᠨ ᠠᠵᠤ ᠠᠬᠤᠢ᠎ᠶᠢᠨ ᠡᠷᠡᠭᠦᠯ᠎ᠢᠶᠡᠷ ᠬᠦᠭᠵᠢᠬᠦ᠎ᠳᠦ ᠬᠦᠴᠦᠨ ᠤᠯᠭᠤᠵᠤ᠂ ᠠᠵᠤ ᠦᠢᠯᠡᠰ᠎ᠦᠨ ᠪᠦᠲᠦᠴᠡ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠶᠢ ᠲᠦᠷᠭᠡᠳᠬᠡᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠤᠭᠤᠮᠲᠠ ᠰᠢᠪᠲᠤᠯᠬᠤ ᠵᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠲᠠᠪᠴᠠᠨᠭ᠌᠎ᠢ ᠲᠦᠷᠭᠡᠳᠬᠡᠨ ᠪᠠᠢᠭᠤᠯᠵᠤ᠂ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠣᠰᠬᠣᠨ᠎ᠳᠦ ᠬᠦᠷᠴᠦ ᠡᠷᠦᠬᠡ᠎ᠳᠦ ᠣᠷᠣᠬᠤ᠎ᠶᠢ  ᠠᠬᠢᠭᠤᠯᠤᠨ᠎ᠠ᠃ ᠭᠣᠣᠯᠳᠠᠯᠭ᠎ᠠ᠎ᠲᠠᠢ ᠬᠦᠷᠢᠶᠡᠨ᠎ᠦ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠠᠤᠯᠢ᠎ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠲᠠ᠎ᠶᠢ ᠠᠬᠢᠭᠤᠯᠵᠤ᠂ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠪᠦᠬᠦ ᠬᠡᠯᠬᠢᠶ᠎ᠡ᠎ᠶᠢᠨ ᠬᠠᠮᠠᠭᠠᠯᠠᠯᠲᠠ᠎ᠶᠢ ᠴᠢᠨᠭᠭᠠᠷᠠᠭᠤᠯᠵᠤ᠂ ᠬᠤᠪᠢ ᠬᠦᠮᠦᠨ᠎ᠤ ᠣᠷᠣᠯᠭ᠎ᠠ᠎ᠶᠢᠨ ᠭᠠᠢᠯᠢ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ   ᠠᠬᠢᠭᠤᠯᠵᠤ᠂ ᠣᠶᠤᠨᠲᠤ ᠲᠠᠷᠢᠶᠠᠯᠠᠩ᠎ᠤᠨ ᠰᠢᠰᠲ᠋ᠸᠮ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠲᠠᠷᠢᠶᠠᠴᠢᠳ᠎ᠤᠨ ᠲᠤᠭᠲᠠᠭᠤᠨ ᠣᠷᠣᠯᠭ᠎ᠠ᠎ᠶᠢ ᠠᠬᠢᠭᠤᠯᠤᠨ᠎ᠠ᠃ ᠰᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ  ᠠᠬᠢᠭᠤᠯᠵᠤ᠂ ᠠᠷᠠᠳ ᠲᠦᠮᠡᠡ᠎ᠤ ᠬᠤᠲᠠ᠎ᠶᠢᠨ ᠣᠢᠯᠠᠭᠠᠭᠳᠠᠬᠤᠨ᠎ᠢ ᠪᠦᠬᠦ ᠲᠠᠯ᠎ᠠ᠎ᠪᠠᠷ ᠦᠢᠯᠡᠳᠦᠯᠭᠡᠵᠢᠭᠦᠯᠵᠦ᠂ ᠬᠤᠲᠠ᠎ᠶᠢᠨ ᠰᠢᠨᠡᠴᠢᠯᠡᠯᠲᠡ᠎ᠶᠢᠨ ᠠᠵᠢᠯ᠎ᠢ ᠶᠡᠬᠡ᠎ᠪᠡᠷ ᠠᠬᠢᠭᠤᠯᠤᠨ᠎ᠠ;ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠰᠠᠭᠤᠷᠢ᠎ᠶᠢ ᠪᠡᠬᠢᠵᠢᠭᠦᠯᠦᠨ᠎ᠡ᠃ ᠨᠡᠩ ᠶᠡᠬᠡ᠎ᠡᠷᠴᠢᠮ ᠵᠢᠡᠷ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠰᠤᠷᠤᠭ᠍ᠴᠢᠳ᠎ᠤᠨ ᠪᠡᠶ᠎ᠡ ᠰᠡᠳᠬᠢᠴᠡ ᠵᠢᠨ ᠡᠷᠡᠭᠦᠯ ᠮᠡᠨᠳᠤ᠂ ᠪᠦᠬᠦ ᠲᠠᠯ᠎ᠠ᠎ᠶᠢᠨ ᠭᠦᠭᠵᠢᠯᠳᠡ ᠵᠢ ᠠᠬᠢᠭᠤᠯᠤᠨ᠎ᠠ;ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶᠢ ᠴᠢᠩᠭᠠᠳᠬᠠᠵᠤ᠂《ᠡᠮᠴᠢᠯᠡᠬᠦ ᠠᠰᠠᠷᠠᠬᠤ᠎ᠶᠢ ᠤᠶᠠᠯᠳᠤᠭᠤᠯᠬᠤ》᠂ 《ᠣᠶᠤᠨᠴᠢ ᠨᠠᠰᠤᠵᠢᠯ᠎ᠤᠨ ᠠᠰᠠᠷᠠᠮᠵᠢ》 ᠶ᠋ᠢ ᠲᠦᠷᠭᠡᠳᠬᠡᠨ ᠠᠬᠢᠭᠤᠯᠵᠤ᠂ ᠦᠷᠡᠵᠢᠯ᠎ᠢ ᠳᠡᠮᠵᠢᠬᠦ ᠪᠠ ᠨᠢᠯᠬᠠᠰ᠎ᠢ ᠪᠤᠢᠵᠢᠭᠤᠯᠬᠤ ᠦᠢᠯᠡᠴᠢᠯᠡᠭᠡ᠎ᠶᠢ ᠲᠡᠭᠦᠯᠳᠡᠷᠵᠢᠭᠦᠯᠦᠨ᠎ᠡ; ᠰᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ᠎ᠶᠢ ᠴᠢᠩᠭᠠᠳᠬᠠᠵᠤ᠂ ᠤᠯᠠᠨ ᠲᠦᠮᠡᠨᠴᠢ ᠪᠡᠶ᠎ᠡ᠎ᠶᠢᠨ ᠲᠠᠮᠢᠷ᠎ᠢ ᠢᠳᠡᠪᠬᠢᠲᠡᠢ ᠬᠥᠭᠵᠢᠭᠦᠯᠦᠨ᠎ᠡ᠃ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂  《ᠨᠤᠮᠢᠨ ᠤᠰᠤ ᠬᠦᠬᠡᠮᠳᠦᠭ ᠠᠭᠤᠯᠠ》 ᠵᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ ᠣᠷᠴᠢᠨ ᠲᠣᠭᠣᠷᠢᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠪᠠ ᠠᠮᠤᠷ ᠲᠦᠪᠰᠢᠨ᠎ᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠰᠦᠯᠵᠢᠶᠡᠨ ᠴᠤᠤᠷᠬᠠᠯ ᠡᠮᠬᠢ ᠵᠢᠷᠤᠮ ᠦᠭᠡᠢ ᠪᠠᠢᠳᠠᠯ᠎ᠢ ᠵᠠᠰᠠᠬᠤ᠎ᠶᠢ ᠴᠢᠩᠭᠠᠳᠬᠠᠵᠤ᠂ ᠢᠳᠡᠭᠡᠨ᠂ ᠡᠮ᠎ᠦᠨ ᠵᠦᠢᠯᠡᠰ᠎ᠦᠨ ᠪᠦᠬᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢ ᠲᠡᠭᠦᠯᠳᠡᠷᠵᠢᠭᠦᠯᠵᠦ᠂ ᠴᠠᠬᠢᠯᠭᠠᠨ ᠬᠣᠯᠪᠣᠭ᠎ᠠ ᠵᠢᠨ ᠮᠡᠬᠡᠯᠡᠯ᠎ᠤᠨ ᠶᠠᠯᠠᠲᠤ ᠠᠵᠢᠯᠯᠠᠭ᠎ᠠ᠎ᠶᠢ ᠰᠡᠷᠭᠡᠢᠯᠡᠬᠦ ᠲᠣᠣᠷ᠎ᠢ ᠨᠢᠭ᠍ᠲᠠ ᠰᠦᠯᠵᠢᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠦ ᠳᠤᠮᠳᠠᠳᠤ ᠤᠯᠤᠰ᠎ᠢ ᠪᠠᠢᠭᠤᠯᠬᠤ ᠵᠡᠷᠭᠡ᠎ᠳᠦ ᠬᠠᠷᠢᠴᠠᠨᠭᠭᠤᠢ ᠲᠦᠪᠯᠡᠷᠡᠵᠤ ᠪᠠᠢᠨ᠎ᠠ ᠭᠡᠪᠡ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号