ᠦ᠋ ᠴᠧᠩ ᠭᠡᠰᠢᠭᠦᠨ᠄ ᠵᠣᠬᠢᠶᠠᠮᠠᠯ ᠣᠶᠤᠨ ᠴᠢᠳᠠᠪᠤᠷᠢ ᠪᠡᠷ ᠤᠯᠠᠮᠵᠢᠯᠠᠯᠲᠤ ᠠᠭᠤᠷᠬᠠᠢ᠎ᠶᠢᠨ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠤᠨ᠎ᠠ
2026-03-11 09:30:45
ᠵᠣᠬᠢᠶᠠᠭ᠍ᠴᠢ᠄
ᠰᠢᠦᠢ ᠵᠢᠩ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ 《ᠵᠣᠬᠢᠶᠠᠮᠠᠯ ᠣᠶᠤᠨ ᠴᠢᠳᠠᠪᠤᠷᠢ +》᠎ᠵᠢ ᠭᠦᠨᠵᠡᠭᠡᠢᠷᠡᠭᠦᠯᠦᠨ ᠥᠷᠭᠡᠳᠬᠡᠵᠦ᠂ ᠰᠢᠨ᠎ᠡ ᠨᠢᠭᠡ ᠦᠶ᠎ᠡ᠎ᠶᠢᠨ ᠣᠶᠤᠨᠴᠢ ᠦᠵᠦᠭᠦᠷᠯᠢᠭ ᠪᠠ ᠣᠶᠤᠨᠴᠢ ᠴᠣᠭᠴᠠ᠎ᠶᠢ ᠲᠦᠷᠭᠡᠳᠬᠡᠨ ᠳᠡᠯᠭᠡᠷᠡᠭᠦᠯᠬᠦ᠎ᠶᠢ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠬᠦᠷᠢᠶᠡᠨ᠎ᠳᠡᠬᠢ ᠵᠣᠬᠢᠶᠠᠮᠠᠯ ᠣᠶᠤᠨ ᠴᠢᠳᠠᠪᠤᠷᠢ᠎ᠶᠢ ᠠᠷᠠᠯᠵᠢᠶ᠎ᠠ ᠬᠤᠳᠠᠯᠳᠤᠭᠠᠴᠢᠯᠡᠵᠦ ᠬᠡᠪᠴᠢᠶᠡᠵᠢᠭᠦᠯᠦᠨ ᠬᠡᠷᠡᠭᠯᠡᠬᠦ᠎ᠶᠢ ᠲᠦᠯᠬᠢᠨ ᠠᠬᠢᠭᠤᠯᠵᠤ᠂ ᠣᠶᠤᠨᠴᠢ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠵᠠᠭᠪᠤᠷ᠎ᠢ ᠪᠣᠢᠵᠢᠭᠤᠯᠤᠨ᠎ᠠ ᠭᠡᠵᠦ ᠳᠤᠷᠠᠳᠤᠨ ᠭᠠᠷᠭᠠᠪᠠ᠃ ᠡᠨᠡ ᠲᠤᠬᠠᠢ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠳᠡᠳ᠋ ᠲᠡᠷᠢᠭᠦᠯᠡᠭᠴᠢ᠂ ᠭᠦᠸᠧ ᠴᠧᠩ ᠬᠤᠪᠢ ᠡᠵᠡᠮᠳᠡᠭᠰᠡᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠦ᠋ ᠴᠧᠩ ᠬᠦᠨ ᠲᠦᠷᠦᠭᠳᠡᠯ ᠲᠠᠢ ᠪᠠᠢᠯ᠎ᠠ᠃


9d5ebb37-168e-4794-ac07-b5bc715d7d46.png


ᠦ᠋ ᠴᠧᠩ᠄ 《ᠣᠳᠣᠬᠠᠨ᠎ᠳᠤ᠂ ᠵᠣᠬᠢᠶᠠᠮᠠᠯ ᠤᠶᠤᠨ ᠴᠢᠳᠠᠪᠤᠷᠢ᠎ᠪᠠᠷ ᠲᠥᠯᠥᠭᠡᠯᠡᠭᠦᠯᠦᠭᠰᠡᠨ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠲᠦᠷᠭᠡᠰᠤᠨ ᠬᠦᠭᠵᠢᠵᠤ ᠪᠠᠢᠨ᠎ᠠ᠂ ᠪᠢᠳᠡ 〈AI + ᠠᠭᠤᠷᠬᠠᠢ᠎ᠶᠢᠨ ᠦᠢᠯᠡᠰ〉 ᠤ᠋ᠨ ᠴᠢᠬᠤᠯᠠ ᠶᠡᠬᠡ ᠬᠥᠭᠵᠢᠯᠲᠡ᠎ᠶᠢᠨ ᠠᠵᠠ ᠲᠣᠬᠢᠶᠠᠯ᠎ᠢ ᠰᠠᠢᠲᠤᠷ ᠡᠵᠡᠮᠳᠡᠬᠦ ᠬᠡᠷᠡᠭᠲᠡᠢ》 ᠬᠡᠯ᠎ᠠ᠃ ᠲᠡᠬᠦᠨ᠎ᠤ ᠦᠵᠡᠬᠦ ᠪᠡᠷ᠂ ᠤᠯᠠᠮᠵᠢᠯᠠᠯᠲᠤ ᠠᠭᠤᠷᠬᠠᠢ᠎ᠶᠢᠨ ᠦᠢᠯᠡᠰ ᠲᠤᠷᠰᠢᠯᠭ᠎ᠠ᠎ᠶᠢᠨ ᠮᠠᠭᠠᠳᠯᠠᠯᠲᠠ᠂ ᠬᠥᠮᠥᠨ᠎ᠦ ᠬᠦᠴᠦᠨ᠎ᠦ ᠬᠠᠮᠢᠶᠠᠷᠤᠯᠲᠠ᠎ᠳᠤ ᠲᠦᠰᠢᠭᠯᠡᠵᠦ᠂ ᠮᠡᠳᠡᠭᠡ ᠵᠠᠩᠭᠢ᠎ᠶᠢ ᠴᠠᠭ ᠲᠤᠬᠠᠢ ᠳ᠋ᠤᠨᠢ ᠳᠠᠮᠵᠢᠭᠤᠯᠬᠤ ᠪᠡᠷ ᠪᠠᠷᠤᠬᠳᠠᠢ᠂ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠬᠦᠴᠢᠷᠳᠡᠯ ᠶᠡᠬᠡ ᠵᠡᠷᠭᠡ ᠬᠡᠮ ᠰᠣᠭᠣᠭ ᠣᠷᠣᠰᠢᠵᠤ ᠪᠤᠢ᠃ ᠵᠣᠬᠢᠶᠠᠮᠠᠯ ᠤᠶᠤᠨ ᠴᠢᠳᠠᠪᠤᠷᠢ᠎ᠶᠢᠨ ᠬᠦᠴᠦᠷᠬᠡᠭ ᠶᠡᠬᠡ ᠲᠣᠭ᠎ᠠ ᠪᠠᠷᠢᠮᠲᠠ ᠰᠢᠢᠳᠪᠦᠷᠢᠯᠡᠬᠦ ᠪᠠ ᠵᠠᠳᠠᠯᠬᠤ ᠴᠢᠳᠠᠪᠤᠷᠢ᠎ᠪᠠᠷ ᠠᠭᠤᠷᠬᠠᠢ᠎ᠶᠢᠨ ᠦᠢᠯᠡᠰ᠎ᠦᠨ 《ᠬᠥᠮᠥᠨ᠎ᠦ ᠬᠦᠴᠦ᠎ᠪᠡᠷ ᠬᠥᠳᠡᠯᠭᠡᠭᠦᠷ ᠪᠣᠯᠭᠠᠬᠤ》 ᠡᠴᠡ 《ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠯᠬᠢᠨ ᠠᠬᠢᠭᠤᠯᠵᠤ ᠪᠣᠯᠣᠨ᠎ᠠ ᠭᠡᠵᠤ ᠲᠠᠨᠢᠯᠴᠠᠭᠤᠯᠪᠠ᠃

ᠦ᠋ ᠴᠧᠩ᠎ᠤᠨ ᠰᠠᠨᠠᠭᠤᠯᠭ᠎ᠠ᠎ᠳᠦ᠂ ᠲᠥᠷᠥ᠎ᠶᠢᠨ ᠪᠣᠳᠣᠯᠭ᠎ᠠ᠎ᠶᠢᠨ ᠤᠳᠤᠷᠢᠳᠤᠮᠵᠢ᠎ᠲᠠᠢ ᠨᠢᠭ᠍ᠲᠠ ᠤᠶᠠᠯᠳᠤᠭᠤᠯᠤᠨ ᠲᠤᠤᠷᠡᠬᠢ ᠮᠡᠳᠦ  ᠭᠤᠷᠪᠡᠨ ᠲᠠᠯ᠎ᠠ ᠪᠠᠷ ᠬᠦᠴᠦᠯᠡᠪᠡᠯ ᠵᠣᠬᠢᠨ᠎ᠠ ᠬᠡᠯ᠎ᠠ᠃ ᠨᠢᠭᠡ᠎ᠳᠦ᠂ ᠣᠶᠤᠨᠴᠢ ᠬᠠᠢᠨ ᠰᠢᠨᠵᠢᠯᠡᠯᠲᠡ᠎ᠶᠢᠨ ᠰᠢᠰᠲ᠋ᠸᠮ᠎ᠢ ᠪᠠᠢᠭᠤᠯᠵᠤ᠂ ᠤᠯᠤᠰ᠎ᠤᠨ ᠭᠠᠵᠠᠷ ᠰᠢᠨᠵᠢᠯᠡᠭᠡᠨ᠎ᠦ ᠲᠣᠮᠣ᠌ ᠳ᠋ᠠᠢᠲ᠋ᠠ᠎ᠶᠢᠨ ᠲᠠᠪᠴᠠᠩ᠎ᠢ ᠲᠦᠷᠭᠡᠳᠬᠡᠨ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠢ ᠳᠡᠮᠵᠢᠯᠭᠡ᠎ᠶᠢᠨ ᠬᠠᠢᠨ ᠰᠢᠨᠵᠢᠯᠡᠯᠲᠡ᠎ᠶᠢᠨ ᠪᠤᠳᠤᠬᠤ ᠠᠷᠭ᠎ᠠ᠎ᠶᠢ ᠰᠤᠳᠤᠯᠤᠨ ᠨᠡᠭᠡᠭᠡᠬᠦ᠎ᠶᠢ ᠪᠠᠢᠭᠤᠯᠵᠤ᠂ ᠵᠣᠬᠢᠶᠠᠮᠠᠯ ᠣᠶᠤᠨᠴᠢ ᠴᠢᠳᠠᠪᠤᠷᠢ ᠪᠡᠷ ᠬᠦᠳᠡᠷ ᠡᠷᠢᠬᠦ ᠵᠠᠭᠪᠤᠷ᠎ᠤᠨ ᠬᠥᠮᠥᠷᠭᠡ᠎ᠶᠢ ᠪᠠᠢᠭᠤᠯᠵᠤ᠂ ᠬᠦᠳᠡᠷ ᠡᠷᠢᠬᠦ ᠣᠷᠣᠨ᠎ᠢ ᠢᠯᠭᠠᠨ ᠲᠠᠨᠢᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ; ᠬᠣᠶᠠᠷ᠎ᠲᠤ᠂ ᠣᠶᠤᠨᠴᠢ ᠠᠭᠤᠷᠬᠠᠢ᠎ᠶᠢᠨ ᠲᠥᠪ᠎ᠢ ᠴᠤᠭᠴᠠᠯᠠᠵᠤ᠂ 《ᠠᠭᠤᠷᠬᠠᠢ᠎ᠶᠢᠨ ᠲᠤᠰᠬᠠᠢ ᠬᠦᠷᠢᠶᠡᠨ᠎ᠦ ᠲᠣᠮᠣ᠌ ᠵᠠᠭᠪᠤᠷ》 ᠢ᠋ ᠰᠤᠳᠤᠯᠤᠨ ᠨᠡᠭᠡᠭᠡᠵᠦ᠂ ᠵᠤᠬᠢᠶᠠᠮᠠᠯ ᠪᠠ ᠪᠤᠲᠠᠲᠤ ᠴᠤᠭᠴᠠ ᠵᠢ ᠨᠢᠭᠡᠳᠬᠡᠭᠰᠡᠨ ᠲᠣᠭᠠᠴᠢᠯᠠᠭᠰᠠᠨ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠠᠭᠤᠷᠬᠠᠢ᠎ᠶᠢᠨ ᠬᠠᠮᠢᠶᠠᠷᠤᠯᠲᠠ᠎ᠶᠢᠨ ᠠᠵᠢᠯᠯᠠᠭᠠᠨ᠎ᠤ ᠪᠥᠬᠥ ᠶᠠᠪᠤᠴᠠ᠎ᠶᠢᠨ ᠣᠶᠤᠨᠴᠢᠯᠠᠯᠲᠠ᠎ᠶᠢ ᠪᠡᠶᠡᠯᠡᠭᠦᠯᠦᠨ᠎ᠡ; ᠭᠤᠷᠪᠠ᠎ᠳᠤ᠂ ᠣᠶᠤᠨᠴᠢ ᠰᠡᠷᠭᠡᠢᠯᠡᠨ ᠡᠵᠡᠮᠳᠡᠬᠦ ᠰᠦᠯᠵᠢᠶ᠎ᠡ ᠵᠢ ᠪᠠᠢᠭᠤᠯᠵᠤ᠂ ᠬᠤᠳᠳᠤᠭ ᠳᠣᠣᠷᠠᠬᠢ ᠬᠢᠨᠠᠨ ᠬᠡᠮᠵᠢᠬᠦ ᠮᠡᠷᠭᠡᠵᠢᠯ᠎ᠢ ᠰᠤᠳᠤᠯᠤᠨ ᠨᠡᠭᠡᠭᠡᠵᠦ᠂ ᠠᠭᠤᠷᠬᠠᠢ᠎ᠶᠢᠨ ᠮᠠᠰᠢᠨ ᠬᠥᠮᠥᠨ᠎ᠢ ᠳᠡᠯᠭᠡᠷᠡᠭᠦᠯᠵᠦ᠂ ᠨᠡᠭᠡᠭᠡᠨ ᠮᠠᠯᠲᠠᠬᠤ ᠠᠵᠢᠯ᠎ᠳᠦ ᠬᠦᠮᠦᠨ ᠴᠦᠬᠡᠨ ᠬᠡᠷᠡᠭᠰᠡᠬᠦ ᠂ᠬᠦᠮᠦᠨ ᠬᠡᠷᠡᠭᠰᠡᠬᠦ ᠦᠭᠡᠢ  ᠪᠣᠯᠭᠠᠬᠤ᠎ᠶᠢ ᠠᠯᠬᠤᠮ ᠠᠯᠬᠤᠮ᠎ᠢᠶᠠᠷ ᠪᠡᠶᠡᠯᠡᠭᠦᠯᠪᠡᠯ ᠵᠤᠬᠢᠨ᠎ᠠ ᠭᠡᠪᠠ᠃

ᠦ᠋ ᠴᠧᠩ᠄ 《ᠪᠢᠳᠠ ᠠᠭᠤᠷᠬᠠᠢ᠎ᠶᠢᠨ ᠦᠢᠯᠡᠰ᠎ᠢ ᠤᠯᠠᠮᠵᠢᠯᠠᠯᠲᠤ ᠮᠠᠯᠳᠠᠯᠠᠭ᠎ᠠ᠎ᠶᠢᠨ ᠦᠢᠯᠡᠰ ᠪᠠᠢᠭᠰᠠᠨ᠎ᠡᠴᠡ ᠵᠣᠬᠢᠶᠠᠮᠠᠯ ᠤᠶᠤᠨ ᠴᠢᠳᠠᠪᠤᠷᠢ᠎ᠲᠠᠢ ᠭᠦᠨᠵᠡᠭᠡᠢ ᠠᠭᠤᠰᠤᠯᠴᠠᠭᠰᠠᠨ ᠤᠳᠤ ᠦᠶ᠎ᠡ᠎ᠶᠢᠨ ᠠᠵᠤ ᠦᠢᠯᠡᠰ ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠤᠨ᠎ᠠ》 ᠬᠡᠵᠠᠢ᠃ ᠲᠡᠬᠦᠨ᠎ᠤ ᠦᠵᠡᠬᠦ ᠪᠡᠷ᠂ ᠵᠦᠪᠬᠡᠨ ᠣᠶᠤᠨᠴᠢᠯᠠᠯᠲᠠ ᠪᠡᠷ ᠠᠭᠤᠷᠬᠠᠢ᠎ᠶᠢᠨ ᠦᠢᠯᠡᠰ᠎ᠦᠨ ᠪᠦᠬᠦ ᠬᠡᠯᠬᠢᠶ᠎ᠡ᠎ᠳᠦ ᠡᠨ᠋ᠸᠷᠭᠢ ᠤᠯᠭᠤᠪᠠᠯ ᠰᠠᠶᠢ ᠠᠭᠤᠷᠬᠠᠢ᠎ᠶᠢᠨ ᠠᠶᠤᠯᠭᠦᠢ ᠦᠢᠯᠡᠳᠪᠦᠷᠢᠯᠡᠯ᠎ᠦᠨ ᠰᠡᠷᠭᠡᠢᠯᠡᠯᠲᠡ᠎ᠶᠢᠨ ᠱᠤᠭᠤᠮ᠎ᠢ ᠦᠨᠡᠨ ᠬᠦ᠌ ᠪᠡᠬᠢᠵᠢᠭᠦᠯᠵᠦ᠂ ᠮᠠᠨ᠎ᠤ ᠤᠯᠤᠰ᠎ᠤᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠵᠦ ᠴᠢᠳᠠᠨ᠎ᠠ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号