ᠵᠢᠨ ᡁᠢ ᠵᠢᠶᠦ᠋ᠨ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠪᠡᠭᠡᠵᠢᠩ ᠶᠡᠬᠡ ᠰᠤᠷᠭᠠᠭᠤᠯᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠂ ᠪᠡᠭᠡᠵᠢᠩ ᠶᠡᠬᠡ ᠰᠤᠷᠭᠠᠭᠤᠯᠢ᠎ᠶ᠋ᠢᠨ ᠣᠷᠳᠣᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ
2026-03-11 10:38:11
ᠵᠣᠬᠢᠶᠠᠭ᠍ᠴᠢ᠄
ᠸᠠᠩ ᠬᠤᠤ ᠮᠥᠩᠬᠡᠴᠢᠯᠠᠭᠤ
ᠣᠩᠱᠢᠭ᠍ᠰᠠᠨ ᠣᠳᠠᠭ᠎ᠠ᠄
★★★☆☆


微信图片_20260311103954_202_127.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠬᠦᠴᠦᠯᠡᠨ ᠪᠠᠢᠭᠤᠯᠵᠤ᠂ ᠣᠶᠤᠨᠴᠢ ᠴᠠᠬᠢᠯᠭᠠᠨ ᠲᠤᠤᠷ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠎ᠶ᠋ᠢ ᠬᠥᠭ᠌ᠵᠢᠭᠦᠯᠵᠦ᠍᠂ ᠪᠤᠬᠢᠷᠳᠤᠯ ᠦᠬᠡᠢ ᠴᠠᠬᠢᠯᠭᠠᠨ᠎ᠤ ᠬᠡᠷᠡᠭ᠌ᠯᠡᠭᠡ᠎ᠶ᠋ᠢ ᠥᠷᠭᠡᠳᠭᠡᠨ᠎ᠡ᠃ ᠴᠢᠯᠠᠭᠣᠵᠢᠮᠠᠯ ᠡᠨᠧᠷᠬᠢ᠎ᠶ᠋ᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠴᠢᠩᠭᠠᠳᠭᠠᠨ᠎ᠠ ᠭᠡᠵᠡᠢ᠃

ᠥᠪᠥᠷ ᠮᠣᠩᠭᠣᠯ ᠡᠨᠧᠷᠭᠢ᠎ᠶ᠋ᠢᠨ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠡᠶ ᠪᠠᠢᠵᠤ᠂ ᠨᠡᠭᠦᠷᠡᠰᠦᠨ᠎ᠦ ᠡᠬᠢ ᠪᠠᠶᠠᠯᠢᠭ᠎ᠨᠢ ᠪᠥᠬᠥ᠌ ᠤᠯᠤᠰ᠎ᠤᠨ 1 / 4 ᠎ᠡᠴᠡ ᠳᠡᠭᠡᠭ᠌ᠰᠢᠬᠢ᠎ᠶ᠋ᠢ ᠡᠵᠡᠯᠡᠵᠦ᠍᠂ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ᠎ᠨᠢ ᠲᠣᠰ ᠲᠣᠰ ᠪᠥᠬᠥ᠌ ᠤᠯᠤᠰ᠎ᠤᠨ 57%᠂ 21%᠎ᠶ᠋ᠢ ᠡᠵᠡᠯᠡᠵᠦ᠍᠂ ᠣᠳᠣᠬᠠᠨ᠎ᠳᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠨᠢ 1.7 ᠳ᠋ᠦᠩᠱᠢᠭᠤᠷ ᠺᠢᠯᠦᠸᠠᠲ᠎ᠠᠴᠠ ᠳᠡᠭᠡᠭ᠌ᠰᠢ ᠪᠠᠢᠵᠤ᠂ ᠪᠥᠬᠥ᠌ ᠤᠯᠤᠰ᠎ᠲᠤ ᠲᠡᠷᠢᠭᠦᠯᠡᠵᠦ᠍ ᠪᠠᠢᠨ᠎ᠠ᠃ ᠤᠯᠠᠮᠵᠢᠯᠠᠯᠲᠤ  ᠴᠢᠯᠠᠭᠣᠵᠢᠮᠠᠯ ᠡᠨᠧᠷᠭᠢ᠎ᠶ᠋ᠢ ᠦᠷᠭᠦᠯᠵᠢᠯᠡᠨ ᠯᠠᠪᠳᠠᠭᠤᠨ᠎ᠢᠶᠠᠷ ᠰᠠᠢᠲᠤᠷ ᠬᠥᠭ᠌ᠵᠢᠭᠦᠯᠵᠦ᠍᠂ AI ᠮᠡᠷᠭᠡᠵᠢᠯ᠎ᠦᠨ ᠬᠡᠷᠡᠭ᠌ᠯᠡᠭᠡ᠎ᠶ᠋ᠢ ᠨᠡᠮᠡᠭ᠌ᠳᠡᠭᠦᠯᠵᠦ᠍ ᠪᠠᠢᠭᠠᠳ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠂ ᠢᠯᠠᠩᠭᠤᠶ᠎ᠠ ᠤᠶᠤᠨᠲᠤ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠥᠭᠡᠷᠡᠴᠢᠯᠡᠬᠦ᠌ ᠬᠡᠷᠡᠭ᠌ᠲᠡᠢ᠃ ᠡᠭᠦᠨ᠎ᠦ ᠬᠠᠮᠲᠤ ᠪᠠᠰᠠ ᠭᠦᠨ ᠳᠠᠪᠬᠤᠷᠭ᠎ᠠ᠎ᠶ᠋ᠢᠨ ᠨᠡᠭᠦᠷᠡᠰᠦᠨ ᠭᠡᠢ᠎ᠶ᠋ᠢ ᠨᠡᠭᠡᠭᠡᠨ ᠠᠱᠢᠭ᠍ᠯᠠᠬᠤ᠂ ᠪᠠᠢᠭᠠᠯᠢᠯᠢᠭ ᠤᠰᠤᠲᠥ᠋ᠷᠥᠭ᠌ᠴᠢ᠎ᠶ᠋ᠢ ᠬᠠᠢᠨ ᠰᠦᠪᠡᠭ᠌ᠴᠢᠯᠡᠬᠦ᠌ ᠵᠡᠷᠭᠡ ᠱᠢᠨ᠎ᠡ ᠬᠦᠷᠢᠶ᠎ᠡ᠎ᠶ᠋ᠢ ᠢᠳᠡᠪᠬᠢᠲᠡᠢ ᠨᠡᠭᠡᠭᠡᠬᠦ᠌ ᠬᠡᠷᠡᠭ᠌ᠲᠡᠢ᠃ ᠬᠡᠯᠡᠯᠭᠡᠨ ᠦᠭᠡᠢ᠂ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ ᠵᠡᠷᠭᠡ ᠴᠡᠪᠡᠷ ᠡᠨᠧᠷᠭᠢ᠎ᠶ᠋ᠢ ᠨᠡᠩ ᠰᠠᠢᠲᠤᠷ ᠬᠥᠭ᠌ᠵᠢᠭᠦᠯᠵᠦ᠍᠂ ᠴᠠᠬᠢᠯᠭᠠᠨ ᠭᠠᠷᠭᠠᠬᠤ ᠬᠡᠪᠴᠢᠶ᠎ᠡ᠎ᠪᠡᠨ ᠦᠷᠭᠦᠯᠵᠢᠯᠡᠨ ᠥᠷᠭᠡᠳᠭᠡᠵᠦ᠍᠂ ᠢᠵᠢ ᠪᠦᠷᠢᠳᠦᠭ᠌ᠰᠡᠨ ᠡᠨᠧᠷᠭᠢ ᠬᠠᠳᠠᠭᠠᠯᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号