ᠭᠦᠩ ᠮᠢᠩ ᠵᠣ᠌᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ
2026-03-11 10:44:15
ᠵᠣᠬᠢᠶᠠᠭ᠍ᠴᠢ᠄
ᠰᠥᠩ ᠱᠤᠸᠠᠩ ᠮᠦᠩᠬᠡᠴᠢᠯᠠᠭᠤ
ᠣᠩᠱᠢᠭ᠍ᠰᠠᠨ ᠣᠳᠠᠭ᠎ᠠ᠄
★★★☆☆


微信图片_20260311103952_201_127.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠤᠨ᠎ᠠ ᠭᠡᠵᠦ᠍ ᠳᠤᠷᠠᠳᠪᠠ᠃ ᠡᠨᠡ ᠨᠢ ᠥᠪᠥᠷ ᠮᠣᠩᠭᠣᠯ᠎ᠤᠨ ᠡᠨᠧᠷᠭᠢ᠎ᠶ᠋ᠢᠨ ᠬᠥᠭ᠌ᠵᠢᠯᠲᠡ᠂ ᠢᠯᠠᠩᠭᠤᠶ᠎ᠠ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠴᠡᠢ᠃

《ᠠᠷᠪᠠᠨ ᠳᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠱᠢᠨ᠎ᠡ ᠡᠨᠧᠷᠭᠢ᠎ᠶ᠋ᠢᠨ ᠬᠥᠭ᠌ᠵᠢᠯᠲᠡ ᠮᠥᠨ ᠬᠦ᠌ ᠬᠦᠭᠵᠢᠯᠳᠡ᠎ᠶ᠋ᠢᠨ ᠱᠢᠵᠢᠷ ᠠᠯᠲᠠᠨ ᠬᠤᠭᠤᠴᠠᠭᠠᠨ᠎ᠳᠤ ᠪᠠᠢᠭ᠍ᠰᠠᠭᠠᠷ᠃ ᠪᠢᠳᠡ ᠱᠢᠨ᠎ᠡ ᠡᠨᠧᠷᠭᠢ᠎ᠶ᠋ᠢᠨ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠲᠦᠷᠭᠡᠳᠭᠡᠨ ᠠᠬᠢᠭᠤᠯᠤᠨ᠎ᠠ᠃ ᠡᠩ ᠲᠡᠷᠢᠭᠦᠨ᠎ᠳᠦ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠨ᠎ᠠ᠃ ᠳᠠᠷᠠᠭᠠᠯᠠᠪᠠᠯ᠂ ᠪᠦᠷᠢᠨ ᠠᠰᠢᠭᠯᠠᠬᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌ ᠬᠡᠷᠡᠭ᠌ᠲᠡᠢ᠃ ᠭᠤᠷᠪᠠᠳᠤᠭᠠᠷ᠎ᠲᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠦᠭᠵᠢᠭᠡᠨ᠎ᠡ᠃ ᠡᠭᠦᠨ᠎ᠦ ᠬᠠᠮᠲᠤ᠂ ᠣᠯᠠᠨ ᠵᠢᠯ᠎ᠦᠨ ᠬᠤᠭᠤᠴᠠᠭᠠᠨ᠎ᠤ ᠪᠤᠬᠢᠷᠳᠤᠯ ᠦᠬᠡᠢ ᠴᠠᠬᠢᠯᠭᠠᠨ᠎ᠤ ᠠᠷᠠᠯᠵᠢᠶᠠᠨ᠎ᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠤᠬᠢᠷᠳᠤᠯ ᠦᠬᠡᠢ ᠴᠠᠬᠢᠯᠭᠠᠨ᠎ᠤ ᠠᠷᠠᠯᠵᠢᠶ᠎ᠠ᠎ᠶ᠋ᠢ ᠨᠠᠩ ᠠᠮᠢᠳᠤᠯᠢᠭ᠂ ᠨᠠᠩ ᠥᠨᠳᠥᠷ ᠪᠦᠲᠦᠮᠵᠢᠲᠡᠶ ᠪᠣᠯᠭᠠᠵᠤ᠂ ᠥᠭᠡᠷᠡᠴᠢᠯᠡᠯᠲᠡ᠎ᠪᠡᠷ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠱᠢᠨ᠎ᠡ᠎ᠶ᠋ᠢ ᠡᠭᠦᠳᠬᠦ᠌᠎ᠪᠡᠷ ᠡᠨᠧᠷᠭᠢ ᠣᠯᠭᠣᠵᠤ᠂ ᠥᠪᠥᠷ ᠮᠣᠩᠭᠣᠯ᠎ᠤᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号