ᠡᠣ᠌ ᠴᠧᠩ᠄ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠳᠡᠳ᠋ ᠲᠡᠷᠢᠭᠦᠯᠡᠭ᠌ᠴᠢ᠂ ᠭᠦᠸᠧ ᠴᠧᠩ ᠬᠤᠪᠢ ᠡᠵᠡᠮᠳᠡᠭ᠌ᠰᠡᠨ ᠪᠦᠯᠦᠭ᠌ᠯᠡᠯ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ
2026-03-11 10:47:48
ᠵᠣᠬᠢᠶᠠᠭ᠍ᠴᠢ᠄
ᠪᠠᠢ ᠳ᠋ᠠᠨ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆


微信图片_20260311103951_200_127.jpg


ᠦᠢᠯᠡᠳᠦᠯᠭᠡ ᠲᠡᠶ ᠤᠶᠠᠯᠳᠤᠭᠤᠯᠤᠨ ᠪᠢ ᠭᠤᠷᠪᠠᠨ ᠰᠠᠨᠠᠭᠤᠯᠭ᠎ᠠ ᠳᠤᠷᠠᠳᠤᠶ᠎ᠠ᠃ ᠨᠢᠭᠡ᠎ᠳᠦ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠪᠣᠬᠢᠷᠲᠤᠯ ᠦᠭᠡᠶ ᠴᠠᠬᠢᠯᠭᠠᠨ ᠢ᠋ ᠪᠦᠷᠢᠨ ᠠᠰᠢᠬᠯᠠᠬᠤ᠂ ᠡᠨᠧᠷᠭᠢ ᠬᠠᠳᠠᠭᠠᠯᠠᠵᠤ ᠦᠢᠯᠡᠳᠬᠦ᠌᠂ ᠤᠰᠤᠲᠥ᠋ᠷᠥᠭ᠌ᠴᠢ ᠡᠨᠧᠷᠭᠢ᠎ᠶ᠋ᠢᠨ ᠵᠢᠱ᠌ᠢᠶ᠎ᠡ ᠦᠵᠡᠭᠦᠯᠬᠦ᠌ ᠵᠡᠷᠭᠡ ᠱᠢᠨ᠎ᠡ᠎ᠪᠡᠷ ᠪᠤᠶ ᠪᠣᠯᠤᠭ᠍ᠰᠠᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠍᠂ ᠡᠬᠢ ᠪᠠᠶᠠᠯᠢᠭ᠎ᠤᠨ ᠥᠷᠲᠡᠭ᠎ᠢ ᠥᠪᠡᠷᠲᠡᠭᠡᠨ ᠵᠠᠰᠠᠬᠤ ᠣᠷᠣᠨ᠎ᠳᠤ ᠥᠨᠳᠥᠷ ᠥᠷᠲᠡᠭ᠎ᠲᠡᠶ᠎ᠪᠡᠷ ᠬᠤᠪᠢᠷᠠᠭᠤᠯᠬᠤ᠎ᠶ᠋ᠢ ᠠᠬᠢᠭᠤᠯᠤᠨ᠎ᠠ᠃ ᠬᠣᠶᠠᠷ᠎ᠲᠤ ᠡᠨᠧᠷᠭᠢ ᠪᠣᠯᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ᠎ᠤ ᠳᠠᠪᠠᠭᠤᠯᠢᠭ᠎ᠢ ᠪᠠᠳᠠᠷᠠᠭᠤᠯᠵᠤ ᠨᠡᠭᠦᠷᠡᠰᠦᠲᠥ᠋ᠷᠥᠭ᠌ᠴᠢ ᠦᠭᠡᠢ ᠬᠦᠷᠢᠶᠡᠯᠡᠩ ᠲᠣᠭᠣᠷᠢᠭ᠂ ᠪᠣᠬᠢᠷᠲᠤᠯ ᠦᠭᠡᠢ ᠪᠤᠳᠤᠯᠳᠠ᠎ᠶᠢᠨ ᠴᠢᠳᠠᠪᠤᠷᠢ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠳᠠᠷᠠᠭᠤᠯᠵᠤ᠂ ᠥᠪᠥᠷ ᠮᠣᠩᠭᠣᠯ᠎ᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠲᠥᠪᠯᠡᠷᠡᠭᠦᠯᠦᠭ᠌ᠰᠡᠨ 《ᠴᠢᠩᠭ᠎ᠠ ᠰᠣᠷᠢᠨᠵᠢᠨ ᠣᠷᠣᠨ》 ᠪᠣᠯᠭᠠᠨ᠎ᠠ᠃ ᠭᠤᠷᠪᠠ᠎ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠪᠤᠬᠢᠷᠳᠤᠯ ᠦᠬᠡᠢ ᠴᠠᠬᠢᠯᠭᠠᠨ᠎ᠢ ᠱᠢᠭᠤᠳ ᠬᠣᠯᠪᠣᠬᠤ᠂ ᠨᠡᠮᠡᠭ᠌ᠳᠡᠯᠳᠦ ᠴᠠᠬᠢᠯᠭᠠᠨ ᠲᠦᠭᠡᠭᠡᠬᠦ᠌ ᠲᠣᠣᠷ ᠵᠡᠷᠭᠡ᠎ᠶᠢᠨ ᠲᠦᠷᠦ᠍᠎ᠶ᠋ᠢᠨ ᠪᠤᠳᠤᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠤᠳᠤ ᠦᠶ᠎ᠡ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠳᠤ ᠡᠷᠬᠡ ᠲᠡᠭ᠌ᠰᠢ᠎ᠪᠡᠷ ᠣᠷᠣᠯᠴᠠᠬᠤ᠎ᠶ᠋ᠢ ᠲᠡᠮᠵᠢᠨ᠎ᠡ᠃ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠲᠤᠷ ᠬᠢᠬᠦ᠌ ᠨᠢ ᠬᠥᠭ᠌ᠵᠢᠯᠲᠡ᠎ᠶ᠋ᠢᠨ ᠰᠡᠳᠦᠪ ᠪᠣᠯᠬᠤ ᠪᠥᠭᠡᠳ ᠪᠠᠰᠠ ᠴᠤ᠌ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃ ᠥᠪᠥᠷ ᠮᠣᠩᠭᠣᠯ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠡᠨᠧᠷᠭᠢ᠎ᠶ᠋ᠢᠨ 《ᠪᠤᠳᠠᠭᠠᠨ ᠠᠶᠠᠭ᠎ᠠ》 ᠶ᠋ᠢ ᠨᠠᠩ ᠯᠠᠪᠳᠠᠭᠤᠨ ᠪᠠᠢᠯᠭᠠᠬᠤ᠎ᠪᠠᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号