ᠯᠢ ᠪᠦᠦ ᠴᠢᠥᠧᠠᠨ᠄ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠡᠷᠬᠢᠯᠡᠭ᠌ᠴᠢ ᠰᠤᠳᠤᠯᠤᠭ᠍ᠴᠢ
2026-03-11 10:52:05
ᠵᠣᠬᠢᠶᠠᠭ᠍ᠴᠢ᠄
ᠱᠢᠤᠢ ᠵᠢᠩ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆


微信图片_20260311103948_199_127.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠤᠨ᠎ᠠ ᠭᠡᠵᠦ᠍ ᠳᠤᠷᠠᠳᠪᠠ᠃ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠦ ᠬᠦᠷᠬᠦ ᠪᠤᠯᠤᠨ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠪᠠᠷ ᠤᠳᠤᠷᠢᠳᠤᠮᠵᠢ ᠪᠣᠯᠭᠠᠨ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦ᠎ᠶ᠋ᠢ ᠨᠡᠮᠡᠭ᠌ᠳᠡᠭᠦᠯᠦᠨ᠎ᠡ᠃ ᠥᠪᠥᠷ ᠮᠣᠩᠭᠣᠯ ᠦᠪᠡᠷᠮᠢᠴᠡ ᠳᠠᠪᠠᠭᠤᠯᠢᠭ᠎ᠲᠠᠭᠠᠨ ᠰᠠᠭᠤᠷᠢᠯᠠᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠲᠤᠷ ᠬᠢᠬᠦ᠌ ᠡᠨᠡ ᠬᠦ᠌ ᠲᠤᠮᠤ ᠶᠠᠪᠤᠳᠠᠯ᠎ᠢ ᠲᠠᠯᠲᠠ ᠬᠦᠴᠦᠨ ᠲᠠᠢ᠂ ᠠᠵᠠ ᠲᠣᠬᠢᠶᠠᠯ ᠲᠠᠢ᠂ ᠬᠠᠷᠢᠭᠤᠴᠠᠯᠭ᠎ᠠ ᠲᠠᠢ ᠪᠣᠯᠭᠠᠨ ᠬᠢᠬᠦ ᠬᠡᠷᠡᠭ᠌ᠲᠡᠢ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠣᠣᠯᠯᠠᠭ᠍ᠴᠢ ᠬᠥᠳᠡᠯᠭᠡᠭᠦᠷ ᠮᠥᠨ᠂ ᠪᠠᠰᠠ ᠴᠤ᠌ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠲᠤᠯᠭᠠᠭᠤᠷᠢᠯᠠᠯ ᠮᠥᠨ᠃ ᠴᠢᠯᠠᠭᠤᠨ ᠲᠣᠰᠣ ᠰᠢᠳᠠᠮᠠᠬᠠᠢ ᠬᠡᠶ᠎ᠶ᠋ᠢᠨ ᠭᠠᠳᠠᠭᠠᠳᠤ᠎ᠳᠤ ᠲᠦᠱᠢᠭ᠌ᠯᠡᠬᠦ᠌ ᠬᠡᠮᠵᠢᠶ᠎ᠡ ᠥᠨᠳᠥᠷ᠂ ᠱᠢᠨ᠎ᠡ ᠡᠨᠧᠷᠭᠢ᠎ᠶ᠋ᠢᠨ ᠬᠡᠯᠪᠡᠯᠵᠡᠯᠳᠦ ᠴᠢᠨᠠᠷ ᠶᠡᠬᠡ ᠵᠡᠷᠭᠡ ᠥᠷᠢᠰᠥᠯᠳᠦᠭᠡᠨ᠎ᠳᠦ ᠴᠢᠭ᠌ᠯᠡᠭᠦᠯᠦᠨ᠂ ᠣᠷᠳᠣ ᠬᠤᠭᠤᠴᠠᠭᠠᠨ᠎ᠤ ᠨᠥᠭᠡᠴᠡ ᠡᠨᠧᠷᠭᠢ᠂ ᠤᠶᠠᠨ ᠴᠢᠨᠠᠷᠲᠠᠶ ᠲᠣᠭ᠍ᠲᠠᠮᠠᠯ ᠭᠥᠶᠥᠳᠡᠯᠳᠦ ᠴᠠᠬᠢᠯᠭᠠᠨ ᠲᠤᠤᠷ᠂ ᠲᠡᠷᠢᠭᠦᠨ᠎ᠦ ᠴᠥᠮ᠎ᠡ᠎ᠶ᠋ᠢᠨ ᠴᠠᠬᠢᠯᠭᠠᠨ ᠵᠡᠷᠭᠡ ᠭᠤᠤᠯᠯᠠᠬᠤ ᠮᠡᠷᠭᠡᠵᠢᠯ᠎ᠢ ᠲᠥᠪᠯᠡᠷᠡᠭᠦᠯᠦᠨ ᠪᠣᠭᠣᠮᠲᠠ ᠱᠢᠪᠲᠤᠯᠵᠤ᠂ ᠴᠠᠬᠢᠯᠭᠠᠨ᠎ᠤ ᠰᠤᠷᠪᠤᠯᠵᠢ ᠲᠤᠤᠷ᠎ᠤᠨ ᠳᠠᠭᠠᠭᠠᠴᠠ ᠨᠥᠭᠡᠴᠡ᠎ᠶ᠋ᠢᠨ ᠬᠠᠮᠵᠢᠯᠴᠠᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠬᠦ᠎ᠶ᠋ᠢ ᠠᠬᠢᠭᠤᠯᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号