ᠱᠢᠤᠸᠠᠢ ᡁᠢ ᠯᠦᠩ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠎ᠤ ᠰᠢᠪᠡᠷᠳᠠᠢ ᠪᠠᠯᠭᠠᠰᠤᠨ᠎ᠤ ᠬᠤᠸᠠᠩ ᠴᠢ ᠲᠠᠨ ᠲᠣᠰᠭᠣᠨ᠎ᠤ ᠨᠠᠮ᠎ᠤᠨ ᠡᠭᠦᠷ᠎ᠦᠨ ᠱᠦᠵᠢ
2026-03-11 16:28:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆



微信图片_20260311163319.jpg


ᠵᠠᠰᠠᠭ ᠎ᠤᠨ ᠣᠷᠳᠣᠨ᠎ᠤ ᠠᠵᠢᠯ᠎ᠤᠨ ᠢᠯᠡᠳᠭᠡᠯ ᠎ᠳᠦ᠂ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ᠎ᠪᠠᠨ ᠪᠠᠳᠤᠳᠠᠢ ᠡᠭᠦᠷᠭᠡᠯᠡᠵᠦ᠍᠂ ᠳᠤᠮᠳᠠᠳᠤ ᠵᠢᠨ ᠪᠤᠳᠠᠭᠠᠨ ᠠᠶᠠᠭ᠎ᠠ᠎ᠶ᠋ᠢ ᠪᠠᠳᠤ ᠴᠢᠩᠭ᠎ᠠ ᠠᠳᠭᠤᠬᠤ ᠬᠡᠷᠡᠭ᠌ᠲᠡᠢ ᠬᠡᠵᠤ ᠳᠤᠷᠠᠳᠴᠠᠢ᠃ ᠡᠨᠡ ᠨᠢ ᠨᠠᠳᠠ ᠳ᠋ᠤ ᠡᠭᠦᠷᠭᠡ ᠬᠠᠷᠢᠭᠤᠴᠠᠯᠭ᠎ᠠ ᠢᠷᠠᠭᠤ ᠠᠯᠳᠠᠷ᠎ᠲᠠᠢ ᠮᠦᠷᠳᠡᠭᠡᠨ ᠬᠠᠷᠢᠭᠤᠴᠠᠯᠭ᠎ᠠ ᠬᠦᠨᠳᠤ ᠪᠠᠢᠬᠤ ᠵᠢ ᠭᠦᠨ ᠮᠡᠳᠡᠷᠡᠭᠦᠯᠪᠡ᠃

ᠪᠢ ᠤᠯᠠᠭᠠᠨᠴᠠᠪ ᠬᠣᠲᠠ ᠎ᠶ᠋ᠢᠨ ᠵᠦᠸᠧᠽᠢ ᠱᠢᠶᠠᠨ᠎ᠠᠴᠠ ᠢᠷᠡᠭ᠌ᠰᠡᠨ ᠶᠤᠮ᠂ ᠮᠠᠨ᠎ᠤ ᠲᠤᠬᠠᠶ᠎ᠶ᠋ᠢᠨ ᠭᠠᠵᠠᠷ᠎ᠤᠨ ᠤᠯᠠᠮᠵᠢᠯᠠᠯᠲᠤ ᠨᠠᠷᠠᠲᠤ ᠢᠳᠡᠭᠡᠨ ᠵᠦᠸᠧᠽᠢ  ᠵᠢᠨ ᠤᠲᠤᠮᠠᠯ ᠲᠠᠬᠢᠶ᠎ᠠ ᠤᠯᠤᠰ᠎ᠤᠨ ᠭᠠᠵᠠᠷ ᠵᠦᠶ᠎ᠶ᠋ᠢᠨ ᠢᠯᠡᠷᠭᠡᠢᠯᠡᠯᠳᠦ ᠪᠦᠲᠦᠭᠡᠭ᠌ᠳᠡᠬᠦᠨ᠎ᠦ ᠭᠡᠷᠡᠴᠢᠯᠡᠯ᠎ᠢ ᠥᠩᠭᠡᠷᠡᠭᠡᠵᠡᠶ᠃ ᠤᠢ᠍ᠢᠷ᠎ᠠ᠎ᠶ᠋ᠢᠨ ᠵᠢᠯ᠎ᠡᠴᠡ ᠪᠢᠳᠠ ᠨᠠᠮ ᠎ᠤᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠤ ᠦᠢᠯᠡᠰ ᠎ᠦᠨ ᠬᠡᠯᠬᠢᠢ᠎ᠡ᠎ᠶ᠋ᠢ ᠪᠠᠢᠭᠤᠯᠤᠨ ᠬᠦᠴᠦᠷᠬᠡᠭᠵᠢᠬᠦᠯᠵᠦ᠂ ᠨᠠᠮ᠎ᠤᠨ ᠭᠡᠱᠢᠭᠦᠨ᠂ ᠪᠠᠶᠠᠵᠢᠯ᠎ᠤᠨ ᠴᠢᠳᠠᠪᠤᠷᠢᠲᠠᠨ ᠪᠣᠯᠤᠨ ᠲᠠᠭᠠᠭᠤᠯᠤᠬ᠍ᠴᠢ ᠠᠵᠤ ᠠᠬᠤᠢᠯᠠᠯ᠎ᠢ ᠪᠦᠲᠦᠮᠵᠢᠲᠡᠢ ᠨᠢᠭ᠍ᠲᠠᠷᠠᠭᠤᠯᠵᠤ᠂ ᠤᠯᠠᠮᠵᠢᠯᠠᠯᠲᠤ ᠤᠷ᠎ᠠ ᠮᠡᠷᠭᠡᠵᠢᠯ ᠪᠣᠯᠤᠨ ᠤᠳᠤ ᠦᠶ᠎ᠡ᠎ᠶ᠋ᠢᠨ ᠦᠢᠯᠡᠳᠪᠦᠷᠢᠯᠡᠯ ᠎ᠢ ᠣᠷᠭᠠᠨᠢᠭ ᠵᠢᠡᠷ ᠠᠭᠤᠰᠤᠯᠴᠠᠭᠤᠯᠵᠤ᠂ 《ᠵᠢᠵᠢᠭᠭᠡᠨ ᠤᠲᠤᠮᠠᠯ ᠲᠠᠬᠢᠶ᠎ᠠ》 ᠵᠢ ᠠᠷᠠᠳ ᠎ᠢ ᠪᠠᠶᠠᠵᠢᠭᠤᠯᠬᠤ 《ᠲᠤᠮᠤ ᠠᠵᠤ ᠦᠢᠯᠡᠰ》 ᠪᠣᠯᠭᠠᠨ ᠪᠣᠢᠵᠢᠭᠤᠯᠵᠤ᠂  ᠤᠯᠠᠨ ᠲᠦᠮᠡᠨ ᠎ᠤ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠎ᠶ᠋ᠢ ᠪᠡᠶᠡᠯᠡᠭᠦᠯᠪᠡ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ 《ᠤᠯᠠᠭᠠᠨᠴᠠᠪ᠎ᠤᠨ ᠪᠠᠢᠭᠠᠯᠢᠯᠢᠭ ᠦᠨᠦᠷ ᠠᠮᠳᠠ 》 ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠢ ᠦᠷᠭᠦᠯᠵᠢᠯᠡᠨ ᠬᠦᠴᠦᠷᠬᠡᠭ᠌ᠵᠢᠭᠦᠯᠵᠦ᠍᠂ ᠤᠲᠤᠮᠠᠯ ᠱᠢᠭᠦᠰᠦᠲᠦ ᠢᠳᠡᠭᠡᠨ᠎ᠦ ᠠᠵᠤ ᠦᠢᠯᠡᠰ᠎ᠦᠨ ᠬᠦᠷᠢᠶᠡᠯᠡᠩ ᠎ᠢ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠱᠢᠨ᠎ᠡ ᠰᠣᠷᠭᠣᠭ ᠪᠠᠢᠯᠭᠠᠬᠤ ᠮᠡᠷᠭᠡᠵᠢᠯ᠎ᠦᠨ ᠬᠡᠷᠡᠭ᠌ᠯᠡᠯᠲᠡ ᠪᠠ ᠡᠯᠧᠺᠲ᠋ᠷᠣᠨ ᠬᠤᠳᠠᠯᠳᠤᠭᠠᠨ᠎ᠤ ᠠᠷᠭ᠎ᠠ ᠵᠠᠮ ᠎ᠢ ᠥᠷᠭᠡᠳᠭᠡᠵᠦ᠍᠂ ᠵᠦᠸᠧᠽᠢ᠎ᠶ᠋ᠢᠨ ᠤᠲᠤᠮᠠᠯ ᠲᠠᠬᠢᠶ᠎ᠠ᠎ᠶ᠋ᠢ ᠨᠡᠩ ᠤᠯᠠᠨ ᠬᠤᠳᠠ᠎ᠶ᠋ᠢᠨ ᠠᠷᠠᠳ᠎ᠤᠨ ᠬᠣᠭᠣᠯᠠᠨ ᠱᠢᠷᠡᠭᠡᠨ ᠎ᠳᠦ ᠬᠦᠷᠭᠡᠬᠦ ᠪᠤᠯᠤᠨ᠎ᠠ᠃ ᠡᠭᠦᠨ᠎ᠦ ᠬᠠᠮᠲᠤ᠂ ᠨᠠᠮ᠎ᠤᠨ ᠪᠠᠢᠭᠤᠯᠤᠯᠲᠠ᠎ᠶ᠋ᠢᠨ ᠬᠣᠯᠪᠣᠭᠠᠯᠠᠨ ᠪᠠᠢᠭᠤᠯᠬᠤ ᠎ᠳᠤ ᠲᠦᠱᠢᠭ᠌ᠯᠡᠨ ᠬᠥᠭ᠌ᠵᠢᠯᠲᠡ᠎ᠶ᠋ᠢᠨ ᠨᠡᠢᠯᠡᠯ ᠬᠦᠴᠦᠨ᠎ᠢ ᠨᠢᠭ᠍ᠲᠠᠷᠠᠭᠤᠯᠵᠤ᠂ 《ᠥᠪᠥᠷ ᠮᠣᠩᠭᠣᠯ ᠎ᠤᠨ ᠦᠨᠦᠷ ᠠᠮᠲᠠ》 ᠶ᠋ᠢ ᠪᠦᠬᠦ᠌ ᠤᠯᠤᠰ᠎ᠲᠤ ᠠᠯᠳᠠᠷᠱᠢᠭᠤᠯᠤᠨ᠎ᠠ᠃

( ᠵᠤᠬᠢᠶᠠᠯ / ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠰᠦᠨᠭ ᠱᠤᠧᠠᠩᠮᠥᠩᠬᠡᠴᠢᠯᠠᠭᠤ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号