
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠎ᠶ᠋ᠢ ᠵᠡᠷᠭᠡ᠎ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠣᠯᠠᠨ ᠡᠱᠢᠲᠦ ᠢᠳᠡᠭᠡᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ ᠭᠡᠵᠦ ᠳᠤᠷᠠᠳᠴᠠᠢ᠃ ᠥᠪᠥᠷ ᠮᠣᠩᠭᠣᠯ᠎ᠤᠨ ᠰᠠᠭᠠᠯᠢ᠎ᠶ᠋ᠢᠨ ᠦᠨᠢᠶ᠎ᠡ ᠵᠢᠨ ᠲᠤᠭ᠎ᠠ᠂ ᠰᠦ ᠵᠢᠨ ᠭᠠᠷᠤᠯᠲᠠ ᠵᠡᠷᠭᠡ ᠣᠯᠠᠨ ᠵᠦᠶ᠋ᠯ᠎ᠦᠨ ᠭᠦᠶ᠋ᠴᠡᠳᠭᠡᠯ ᠲᠣᠭ᠎ᠠ ᠪᠥᠬᠥ᠌ ᠤᠯᠤᠰ᠎ᠲᠤ ᠲᠡᠷᠢᠭᠦᠯᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠴᠠᠭᠠᠨ ᠢᠳᠡᠭᠡᠨ᠎ᠦ ᠭᠠᠷᠤᠯᠲᠠ 3 ᠵᠢᠯ ᠳᠠᠷᠠᠭᠠᠯᠠᠨ ᠪᠥᠬᠥ᠌ ᠤᠯᠤᠰ᠎ᠲᠤ ᠲᠡᠷᠢᠭᠦᠯᠡᠪᠡ; ᠪᠥᠬᠥ᠌ ᠤᠯᠤᠰ᠎ᠤᠨ ᠦᠨᠢᠶᠡᠨ ᠰᠦ ᠵᠢᠨ ᠲᠠᠪᠤᠨ᠎ᠤ ᠨᠢᠭᠡ ᠬᠤᠪᠢ᠎ᠨᠢ ᠥᠪᠥᠷ ᠮᠣᠩᠭᠣᠯ᠎ᠠᠴᠠ ᠢᠷᠡᠯᠲᠡ᠎ᠲᠡᠶ ᠪᠠᠢᠵᠤ᠂ ᠨᠡᠷ᠎ᠡ ᠨᠢᠳᠡᠷ᠎ᠲᠡᠬᠡᠨ ᠨᠡᠢᠴᠡᠭ᠌ᠰᠡᠨ 《ᠳᠤᠮᠳᠠᠳᠤ ᠤᠯᠤᠰ᠎ᠤᠨ ᠰᠦ ᠵᠢᠨ ᠰᠠᠪᠠ 》 ᠪᠣᠯᠵᠠᠶ᠃
《ᠠᠷᠪᠠᠨ ᠲᠠᠪᠤᠳᠤᠭᠠᠷ ᠲᠠᠪᠤᠨ ᠵᠢᠯ》 ᠳ᠋ᠤ ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠰᠦ ᠵᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠦᠷᠭᠦᠯᠵᠢᠯᠡᠨ ᠥᠷᠨᠢᠭᠦᠯᠵᠦ᠍᠂ 《ᠦᠬᠡᠷ᠎ᠦᠨ ᠡᠭᠦᠯᠳᠡᠷ》 ᠦ᠋ᠨ 《ᠪᠣᠭᠣᠮᠢ》 ᠵᠢᠨ ᠠᠰᠠᠭᠤᠳᠠᠯ᠎ᠢ ᠬᠦᠴᠦ᠍᠎ᠪᠡᠨ ᠲᠥᠪᠯᠡᠷᠡᠭᠦᠯᠦᠨ ᠱᠢᠢᠳᠪᠦᠷᠢᠯᠡᠵᠦ᠍᠂ ᠰᠦ᠎ᠶ᠋ᠢᠨ ᠦᠢᠯᠡᠰ᠎ᠦᠨ ᠳᠡᠭᠡᠳᠦ ᠤᠷᠤᠰᠭᠠᠯ᠎ᠤᠨ ᠠᠵᠤ ᠦᠢᠯᠡᠰ᠎ᠦᠨ ᠤᠶᠠᠨ ᠬᠠᠳᠠᠨ ᠴᠢᠨᠠᠷ᠎ᠢ ᠴᠢᠩᠭᠠᠳᠭᠠᠨ᠎ᠠ᠃ ᠨᠤᠲᠤᠭ᠎ᠤᠨ ᠤᠨᠴᠠᠯᠢᠭ᠍ᠳᠤ ᠠᠱᠢᠭ᠍ᠲᠤ ᠪᠠᠺᠲ᠋ᠧᠷᠢ᠎ᠶ᠋ᠢᠨ ᠦᠷ᠎ᠡ᠎ᠶ᠋ᠢᠨ ᠡᠬᠢ ᠪᠠᠶᠠᠯᠢᠭ᠎ᠢ ᠠᠭᠤᠳᠠᠯᠬᠤ ᠪᠠ ᠠᠵᠤ ᠦᠢᠯᠡᠰᠵᠢᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠤᠯᠤᠰ᠎ᠤᠨ ᠬᠥᠮᠦᠨ᠎ᠦ ᠪᠡᠶᠡᠳᠦ ᠨᠡᠩ ᠲᠤᠬᠢᠷᠠᠬᠤ ᠦᠢᠯᠡᠳᠬᠦᠨ ᠢ ᠨᠡᠭᠡᠭᠡᠨ ᠬᠥᠭ᠌ᠵᠢᠭᠦᠯᠦᠨ᠎ᠡ᠃ ᠱᠢᠨ᠎ᠡ ᠦᠢᠯᠡᠳᠬᠦᠨ᠎ᠢ ᠰᠤᠳᠤᠯᠤᠨ ᠨᠡᠭᠡᠭᠡᠬᠦ᠌᠎ᠶ᠋ᠢ ᠦᠷᠭᠦᠯᠵᠢᠯᠡᠨ ᠲᠦᠷᠭᠡᠳᠭᠡᠵᠦ᠍᠂ ᠰᠦ᠎ᠶ᠋ᠢᠨ ᠦᠢᠯᠡᠰ᠎ᠦᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠥᠷᠭᠡᠳᠭᠡᠬᠦ᠌᠎ᠶ᠋ᠢᠨ ᠵᠡᠷᠭᠡ᠎ᠪᠡᠷ ᠬᠡᠷᠡᠭ᠌ᠯᠡᠭ᠌ᠴᠢᠳ᠎ᠦᠨ ᠱᠢᠮ᠎ᠡ ᠲᠡᠵᠢᠭᠡᠯ᠎ᠦᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠠᠷᠠᠳ ᠢᠷᠭᠡᠳ᠎ᠦᠨ ᠡᠷᠡᠭᠦᠯ ᠮᠡᠨᠳᠦ᠍᠎ᠳᠦ ᠪᠠᠲᠤ ᠪᠡᠬᠢ ᠰᠠᠭᠤᠷᠢ ᠲᠠᠯᠪᠢᠵᠤ ᠥᠭ᠌ᠬᠦ ᠪᠤᠯᠤᠨ᠎ᠠ᠃
( ᠵᠤᠬᠢᠶᠠᠯ / ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠬᠤᠤ᠂ ᠮᠥᠩᠬᠡᠴᠢᠯᠠᠭᠤ )
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号