
ᠥᠪᠥᠷ ᠮᠣᠩᠭᠣᠯ ᠤᠯᠤᠰ ᠤᠨ ᠴᠢᠬᠤᠯᠠ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠦᠨ ᠰᠠᠭᠤᠷᠢᠨ ᠪᠣᠯᠤᠭ᠍ᠰᠠᠨ᠎ᠤ ᠬᠤᠪᠢ ᠳᠤ《ᠥᠪᠥᠷ ᠮᠣᠩᠭᠣᠯ᠎ᠤᠨ ᠦᠨᠦᠷ ᠠᠮᠲᠠ》 ᠶ᠋ᠢ ᠪᠥᠬᠥ᠌ ᠤᠯᠤᠰ᠎ᠤᠨ ᠬᠣᠭᠣᠯᠠᠨ ᠱᠢᠷᠡᠭᠡᠨ᠎ᠳᠦ ᠭᠠᠷᠭᠠᠬᠤ ᠪᠣᠯ ᠮᠠᠨ᠎ᠤ ᠣᠷᠣᠨ᠎ᠤ ᠪᠣᠬᠢᠷᠲᠤᠯ ᠥᠬᠡᠶ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠦ ᠥᠷᠲᠡᠭ ᠦᠨ ᠳᠠᠪᠠᠭᠤᠯᠢᠭ ᠢ ᠪᠠᠳᠠᠷᠠᠭᠤᠯᠬᠤ ᠠᠮᠢᠳᠤᠯᠢᠭ ᠦᠶ᠋ᠯᠡᠳᠦᠯᠭᠡ ᠪᠣᠯᠤᠨ᠎ᠠ᠃
《ᠦᠪᠦᠷ ᠮᠣᠩᠭᠣᠯ》 ᠲᠡᠮᠳᠡᠭᠳᠦ ᠪᠡᠷ ᠶᠡᠷᠦᠩᠬᠡᠢᠯᠡᠨ ᠵᠢᠯᠣᠭᠣᠳᠣᠭᠤᠯᠵᠤ᠂ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠠᠮᠳᠡᠭ᠎ᠢ ᠬᠦᠴᠦᠷᠬᠡᠭ᠌ᠵᠢᠭᠦᠯᠦᠨ᠂ ᠱᠢᠯᠢ᠎ᠶ᠋ᠢᠨ ᠭᠤᠤᠯ᠎ᠤᠨ ᠬᠣᠨᠢᠨ ᠮᠢᠬ᠎ᠠ᠂ ᠲᠦᠩᠯᠢᠶᠣᠤ ᠶ᠋ᠢᠨ ᠦᠬᠡᠷ᠎ᠦᠨ ᠮᠢᠬ᠎ᠠ᠂ ᠬᠢᠩᠭᠠᠨ᠎ᠤ ᠲᠤᠲᠤᠷᠭ᠎ᠠ᠂ ᠬᠥᠬᠡᠬᠣᠲᠠ᠎ᠶ᠋ᠢᠨ ᠱᠣᠣᠮᠠᠶ ᠵᠡᠷᠭᠡ ᠶ᠋ᠢ ᠨᠠᠩ ᠥᠨᠳᠥᠷ ᠢᠯᠭᠠᠮᠵᠢ ᠲᠠᠶ《ᠥᠪᠥᠷ ᠮᠣᠩᠭᠣᠯ᠎ᠤᠨ ᠦᠨᠦᠷ ᠠᠮᠲᠠ》 ᠵᠢᠨ ᠵᠢᠭᠰᠠᠭᠠᠯ ᠤᠨ ᠡᠩᠨᠡᠭᠡ ᠪᠤᠯᠭᠠᠪᠠᠯ ᠵᠤᠬᠢᠨ᠎ᠠ᠃ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠭᠤᠯᠤᠯᠲᠠ ᠶ᠋ᠢ ᠴᠢᠩᠭᠠᠳᠭᠠᠵᠤ᠂ ᠨᠢᠲᠤᠯᠵᠤ ᠡᠳ᠋ᠱᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠦᠨ ᠥᠭᠡᠷᠡᠴᠢᠯᠡᠬᠦ᠌᠂ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡᠨ᠎ᠦ ᠲᠤᠤᠷ ᠰᠦᠯᠵᠢᠶ᠎ᠡ ᠪᠠᠢᠭᠤᠯᠬᠤ᠎ᠶ᠋ᠢ ᠳᠡᠮᠵᠢᠬᠦ᠌ ᠡᠷᠴᠢᠮ ᠵᠡᠷᠭᠡ ᠶ᠋ᠢ ᠴᠢᠩᠭᠠᠷᠠᠭᠤᠯᠵᠤ᠂ 《ᠠᠮᠲᠠᠲᠠᠢ ᠪᠤᠯᠪᠠᠴᠤ ᠠᠪᠴᠤ ᠶᠠᠪᠤᠬᠤ ᠳ᠋ᠤ ᠬᠦᠴᠢᠷ 》 ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠥᠪᠥᠷ ᠮᠣᠩᠭᠣᠯ᠎ᠤᠨ ᠠᠮᠲᠠᠲᠤ ᠢᠳᠡᠭᠡᠨ᠎ᠢ ᠱᠢᠭᠤᠳ ᠪᠥᠬᠥ᠌ ᠤᠯᠤᠰ᠎ᠤᠨ ᠬᠣᠭᠣᠯᠠᠨ ᠱᠢᠷᠡᠭᠡᠨ᠎ᠳᠦ ᠬᠦᠷᠭᠡᠨ᠎ᠡ᠃ ᠪᠠᠷᠠᠭᠠᠨ᠎ᠤ ᠭᠦᠶ᠋ᠯᠭᠡᠭᠡᠨ᠎ᠦ ᠱᠢᠰᠲ᠋ᠧᠮ ᠢ ᠲᠡᠭᠦᠯᠳᠡᠷᠵᠢᠭᠦᠯᠵᠦ᠍᠂ 《ᠠᠮᠲᠠᠲᠤ ᠢᠳᠡᠭᠡᠨ + ᠰᠣᠶᠣᠯ ᠵᠢᠭᠤᠯᠴᠢᠯᠠᠯ + ᠡᠯᠧᠺᠲ᠋ᠷᠣᠨ ᠬᠤᠳᠠᠯᠳᠤᠭ᠎ᠠ》 ᠶ᠋ᠢᠨ ᠠᠭᠤᠰᠤᠯᠴᠠᠯ ᠢ ᠠᠬᠢᠭᠤᠯᠤᠨ᠂ ᠥᠪᠥᠷ ᠮᠣᠩᠭᠣᠯ᠎ᠤᠨ ᠠᠮᠢ ᠠᠬᠤᠶ ᠬᠢᠭᠡᠳ ᠠᠮᠲᠠᠲᠤ ᠢᠳᠡᠭᠡᠨ᠎ᠦ ᠰᠣᠶᠣᠯ᠎ᠤᠨ ᠥᠯᠢᠭᠡᠷ᠎ᠢ ᠰᠠᠢᠲᠤᠷ ᠶᠠᠷᠢᠵᠤ᠂ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ ᠵᠢᠨ ᠠᠷᠭ᠎ᠠ ᠵᠠᠮ᠎ᠢ ᠥᠷᠭᠡᠳᠭᠡᠨ᠂ ᠪᠥᠬᠥ᠌ ᠤᠯᠤᠰ᠎ᠤᠨ ᠬᠤᠳᠠᠯᠳᠤᠭᠠᠨ ᠤ ᠬᠠᠮ ᠳᠡᠯᠭᠡᠭᠦᠷ᠂ ᠢᠳᠡᠭᠡᠨ ᠤᠮᠳᠠᠭᠠᠨ ᠬᠢᠭᠡᠳ ᠨᠡᠢᠭᠡᠮ ᠲᠣᠭᠣᠷᠢᠭ᠎ᠲᠤ ᠣᠷᠣᠭᠤᠯᠤᠨ᠎ᠠ᠃ ᠣᠯᠠᠨ ᠰᠠᠯᠠᠭ᠎ᠠ ᠮᠥᠴᠢᠷ ᠢ ᠵᠣᠬᠢᠴᠠᠭᠤᠯᠵᠤ ᠲᠦᠷᠦᠯ ᠲᠠᠮᠳᠡᠭ᠎ᠢ ᠪᠣᠢᠵᠢᠭᠤᠯᠬᠤ᠂ ᠬᠦᠶ᠋ᠲᠡᠨ ᠬᠡᠯᠬᠢᠶᠡᠨ ᠤ ᠵᠠᠩᠬᠢᠯᠠᠭ᠎ᠠ ᠵᠢᠨ ᠵᠦᠢᠯ᠂ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠲᠠᠯ᠎ᠠ᠎ᠪᠠᠷ ᠨᠠᠩ ᠣᠯᠠᠨ ᠳᠡᠮᠵᠢᠯᠭᠡ ᠦᠵᠡᠭᠦᠯᠵᠦ᠍᠂ ᠥᠪᠥᠷ ᠮᠣᠩᠭᠣᠯ ᠤᠨ ᠠᠮᠢ ᠠᠬᠤᠶ᠎ᠶ᠋ᠢᠨ ᠳᠠᠪᠠᠭᠤᠯᠢᠭ᠎ᠢᠶᠠᠨ ᠲᠦᠷᠦᠯ ᠲᠠᠮᠳᠡᠭ ᠤ᠋ᠨ ᠳᠠᠪᠠᠭᠤᠯᠢᠭ᠂ ᠠᠵᠤ ᠦᠶ᠋ᠯᠡᠰ ᠦᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠍᠂ ᠪᠣᠬᠢᠷᠲᠤᠯ ᠥᠬᠡᠶ ᠴᠢᠨᠠᠷ ᠰᠠᠢᠲᠠᠶ ᠥᠪᠥᠷ ᠮᠣᠩᠭᠣᠯ᠎ᠤᠨ ᠦᠨᠦᠷ ᠠᠮᠲᠠ᠎ᠶ᠋ᠢ ᠪᠥᠬᠥ᠌ ᠤᠯᠤᠰ᠎ᠲᠤ ᠠᠯᠳᠠᠷᠱᠢᠭᠤᠯᠤᠨ᠎ᠠ᠃
(ᠵᠢᠷᠤᠭ/ ᠵᠤᠬᠢᠶᠠᠯ ᠲᠤᠰ ᠰᠣᠨᠢᠨ᠎ᠤ ᠰᠤᠷᠪᠤᠯᠵᠢᠯᠠᠭ᠍ᠴᠢ ᠪᠠᠢ ᠳ᠋ᠠᠨ ᠬᠠᠨ ᠴᠢᠩ ᠯᠢ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号