ᠡᠨᠧᠷᠭᠢ᠎ᠶᠢᠨ ᠠᠵᠤ ᠠᠬᠤᠢ᠎ᠶᠢᠨ ᠰᠢᠨ᠎ᠠ ᠬᠠᠭᠤᠳᠠᠰᠤ᠎ᠵᠢ ᠪᠢᠴᠢᠭᠯᠡᠶ᠎ᠡ
2026-03-11 10:32:10
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠵᠦ ᠪᠣᠬᠢᠷᠲᠤᠯ ᠦᠭᠡᠢ ᠪᠤᠯᠭᠠᠬᠤ᠎ᠠᠴᠠ ᠤᠰᠤᠲᠥ᠋ᠷᠥᠭ᠌ᠴᠢ ᠡᠨᠧᠷᠭᠢ᠂ ᠪᠣᠬᠢᠷᠲᠤᠯ ᠦᠭᠡᠢ ᠲᠦᠯᠡᠰᠢ ᠵᠡᠷᠭᠡ ᠱᠢᠨ᠎ᠡ ᠨᠡᠮᠡᠭ᠌ᠳᠡᠯ ᠴᠡᠭ᠎ᠢ ᠪᠣᠢᠵᠢᠭᠤᠯᠬᠤ᠂ ᠢᠷᠡᠭᠡᠳᠦᠢ᠎ᠶ᠋ᠢᠨ ᠡᠨᠧᠷᠭᠢ᠎ᠶ᠋ᠢᠨ ᠬᠣᠱᠢᠭᠤᠷᠠᠯ ᠬᠦᠷᠢᠶ᠎ᠡ᠎ᠶ᠋ᠢ ᠪᠠᠢᠷᠢᠱᠢᠭᠤᠯᠬᠤ ᠬᠦᠷᠲᠡᠯ᠎ᠡ᠃ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠲᠥᠯᠥᠭᠡᠯᠡᠭ᠌ᠴᠢᠳ ᠭᠡᠱᠢᠭᠦᠳ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠠᠷᠭ᠎ᠠ ᠤᠬᠠᠭᠠᠨ ᠰᠦᠪᠡᠭᠴᠢᠯᠠᠵᠦ᠂ ᠥᠪᠥᠷ ᠮᠣᠩᠭᠣᠯ᠎ᠤᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠎ᠳᠦ ᠱᠢᠨ᠎ᠡ ᠰᠡᠳᠭᠢᠮᠵᠢ ᠬᠠᠩᠭᠠᠵᠤ᠂ ᠱᠢᠨ᠎ᠡ ᠠᠷᠭ᠎ᠠ ᠵᠠᠮ᠎ᠢ ᠥᠷᠭᠡᠳᠭᠡᠪᠡ᠃

ᠥᠪᠥᠷ ᠮᠣᠩᠭᠣᠯ᠎ᠳᠦ᠂ ᠬᠥᠪᠴᠢ᠎ᠶ᠋ᠢᠨ ᠡᠯᠡᠰᠦᠨ᠎ᠳᠦ ᠬᠡᠷᠡᠯᠴᠢ ᠴᠡᠨᠡᠭ᠎ᠦᠨ ᠬᠠᠪᠲᠠᠰᠤ ᠬᠦᠰᠢᠭᠡᠯᠡᠵᠦ᠂ ᠤᠯᠠᠭᠠᠨᠴᠠᠪ᠎ᠤᠨ ᠲᠠᠯ᠎ᠠ ᠨᠤᠲᠤᠭ᠎ᠤᠨ ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠱᠢᠨ ᠲᠠᠰᠤᠷᠠᠯᠲᠠ ᠥᠬᠡᠶ ᠡᠷᠭᠢᠯᠳᠦᠨ᠂ ᠣᠷᠳᠣᠰ᠎ᠤᠨ ᠤᠶᠤᠨᠴᠢᠯᠠᠭ᠍ᠰᠠᠨ ᠠᠭᠤᠷᠬᠠᠶ᠎ᠶ᠋ᠢᠨ ᠬᠤᠳᠳᠤᠭ᠎ᠡᠴᠡ 《ᠬᠠᠷ᠎ᠠ ᠠᠯᠲᠠ》 ᠪᠥᠬᠥ᠌ ᠤᠯᠤᠰ᠎ᠲᠦ ᠲᠦᠭᠡᠨ᠎ᠠ ᠁ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠵᠢᠯ ᠳᠤᠮᠳᠠᠴᠢ᠎ᠶ᠋ᠢᠨ ᠨᠡᠭᠦᠷᠡᠰᠦᠨ᠎ᠦ ᠭᠠᠷᠤᠯᠲᠠ 12 ᠳ᠋ᠦᠩᠱᠢᠭᠤᠷ ᠲᠣᠨ᠎ᠠᠴᠠ ᠳᠡᠭᠡᠭ᠌ᠰᠢ ᠪᠠᠢᠬᠤ᠎ᠶ᠋ᠢ ᠪᠠᠲᠤᠯᠠᠵᠤ᠂ 29 ᠮᠤᠵᠢ ᠣᠷᠣᠨ᠎ᠳᠤ 35 ᠳ᠋ᠦᠩᠱᠢᠭᠤᠷ ᠲᠣᠨ ᠨᠡᠭᠦᠷᠡᠰᠦ ᠪᠠᠲᠤᠯᠠᠨ ᠬᠠᠩᠭᠠᠵᠤ᠂ ᠪᠥᠬᠥ᠌ ᠤᠯᠤᠰ᠎ᠤᠨ ᠲᠡᠷᠢᠭᠦᠨ᠎ᠳᠦ ᠣᠷᠣᠪᠠ; ᠴᠠᠬᠢᠯᠭᠠᠨ ᠬᠦᠴᠦᠨ᠎ᠦ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 3.1 ᠳ᠋ᠦᠩᠱᠢᠭᠤᠷ ᠺᠢᠯᠦᠸᠠᠲ᠎ᠲᠤ ᠬᠦᠷᠴᠦ᠍᠂ ᠴᠠᠬᠢᠯᠭᠠᠨ᠎ᠢ ᠭᠠᠳᠠᠭ᠍ᠰᠢ ᠬᠦᠷᠭᠡᠭ᠌ᠰᠡᠨ ᠬᠡᠮᠵᠢᠶ᠎ᠡ 21 ᠵᠢᠯ ᠳᠠᠷᠠᠭᠠᠯᠠᠨ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠦᠨᠡᠨ ᠪᠣᠳᠠᠲᠠᠢ ᠠᠵᠢᠯ᠎ᠤᠨ ᠠᠮᠵᠢᠯᠲᠠ ᠨᠢ ᠬᠠᠷᠢᠭᠤᠴᠠᠯᠭ᠎ᠠ ᠪᠠ ᠡᠭᠦᠷᠭᠡᠯᠡᠯ᠎ᠢᠶᠡᠨ ᠢᠯᠡᠷᠡᠭᠦᠯᠵᠦ᠍᠂ ᠬᠢᠯᠠᠯᠵᠠᠭᠰᠠᠨ ᠠᠮᠵᠢᠯᠳᠠ ᠡᠬᠦᠳᠴᠡᠢ᠃

《ᠠᠷᠪᠠᠨ ᠳᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠥᠪᠥᠷ ᠮᠣᠩᠭᠣᠯ 《ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 3000 ᠲᠦᠮᠡᠨ ᠺᠢᠯᠦᠸᠠᠲ ᠨᠡᠮᠡᠵᠦ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠯᠲᠠ 3000 ᠳ᠋ᠦᠩᠱᠢᠭᠤᠷ ᠭᠷᠠᠳᠦ᠋ᠰ᠎ᠢ ᠳᠠᠪᠠᠬᠤ᠎ᠶ᠋ᠢ ᠦᠨᠡᠨ ᠬᠦ᠌ ᠪᠠᠲᠤᠯᠠᠬᠤ》 ᠬᠠᠷᠠᠯᠲᠠ᠎ᠶ᠋ᠢ ᠲᠣᠭ᠍ᠲᠠᠭᠠᠪᠠ᠂ ᠡᠨᠡ ᠨᠢ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠶᠡᠬᠡ ᠲᠠᠯ᠎ᠠ᠎ᠳᠤ ᠰᠠᠭᠤᠷᠢᠯᠠᠵᠤ᠂ ᠡᠬᠢ ᠪᠠᠶᠠᠯᠢᠭ᠎ᠤᠨ ᠳᠠᠪᠠᠭᠤᠯᠢᠭ᠎ᠶ᠋ᠢᠡᠨ ᠭᠦᠶ᠋ᠴᠡᠳ ᠪᠠᠳᠠᠷᠠᠭᠤᠯᠤᠭ᠍ᠰᠠᠨ ᠣᠨᠣᠪᠴᠢᠲᠠᠶ ᠪᠠᠢᠷᠢᠯᠠᠭᠤᠯᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠪᠤᠬᠢᠷᠳᠤᠯ ᠦᠬᠡᠢ ᠴᠠᠬᠢᠯᠭᠠᠨ᠎ᠤ ᠳᠠᠪᠠᠭᠤᠯᠢᠭ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦ᠎ᠶ᠋ᠢ ᠬᠥᠭ᠌ᠵᠢᠭᠡᠬᠦ᠌ ᠪᠦᠲᠦᠮᠵᠢᠲᠡᠶ ᠠᠷᠭ᠎ᠠ ᠵᠠᠮ ᠪᠣᠯᠤᠨ᠎ᠠ᠃ 《ᠪᠣᠬᠢᠷᠲᠤᠯ ᠥᠬᠡᠶ》 ᠪᠠᠷ ᠵᠠᠭᠤᠴᠢ ᠪᠣᠯᠭᠠᠵᠤ᠂ 《ᠡᠨᠧᠷᠭᠢ》 ᠪᠠᠷ ᠬᠥᠭᠥᠷᠭᠡ ᠪᠣᠯᠭᠠᠵᠤ᠂ ᠥᠪᠥᠷ ᠮᠣᠩᠭᠣᠯ ᠶᠠᠭ ᠲᠠᠰᠤᠷᠠᠯᠲᠠ ᠥᠬᠡᠶ ᠪᠤᠵᠠᠭᠠᠢᠷᠠᠵᠤ ᠪᠠᠢᠭ᠎ᠠ ᠪᠣᠬᠢᠷᠲᠤᠯ ᠥᠬᠡᠶ ᠴᠠᠬᠢᠯᠭᠠᠨ᠎ᠤ ᠳᠠᠪᠠᠭᠤᠯᠢᠭ᠎ᠲᠠᠭᠠᠨ ᠲᠦᠱᠢᠭ᠌ᠯᠡᠨ᠂ ᠱᠢᠨ᠎ᠡ ᠡᠨᠧᠷᠭᠢ ᠬᠢᠭᠡᠳ ᠪᠤᠳᠤᠯᠳᠠ᠎ᠶᠢᠨ ᠴᠢᠳᠠᠪᠤᠷᠢ᠂ ᠲᠠᠯᠠᠰᠲᠤ ᠴᠠᠬᠢᠭᠤᠷ ᠵᠡᠷᠭᠡ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠬᠤ᠂ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭ᠍ᠰᠢᠯᠠᠬᠤ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠡᠨᠧᠷᠭᠢ᠎ᠶ᠋ᠢᠨ ᠳᠠᠪᠠᠭᠤᠯᠢᠭ᠎ᠢ ᠦᠷᠭᠦᠯᠵᠢᠯᠡᠨ ᠬᠥᠭ᠌ᠵᠢᠯᠲᠡ᠎ᠶ᠋ᠢᠨ ᠢᠯᠠᠯᠲᠠ ᠪᠣᠯᠭᠠᠨ ᠬᠤᠪᠢᠷᠠᠭᠤᠯᠵᠤ᠂ ᠡᠨᠧᠷᠭᠢ᠎ᠶ᠋ᠢᠨ 《ᠪᠣᠬᠢᠷᠲᠤᠯ ᠥᠬᠡᠶ᠎ᠶ᠋ᠢᠨ ᠬᠡᠮᠵᠢᠶ᠎ᠡ》 ᠬᠢᠭᠡᠳ ᠬᠥᠭ᠌ᠵᠢᠯᠲᠡ᠎ᠶ᠋ᠢᠨ 《ᠦᠨ᠎ᠡ ᠥᠷᠲᠡᠭ》 ᠢ᠋ ᠵᠡᠷᠭᠡ ᠪᠡᠷ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠳᠦ ᠲᠠᠰᠤᠷᠠᠯᠲᠠ ᠥᠬᠡᠶ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃

ᠡᠨᠧᠷᠭᠢ᠎ᠶᠢᠨ ᠱᠢᠨ᠎ᠡ ᠬᠦᠭᠵᠢᠯᠳᠡ᠎ᠵᠢ ᠠᠬᠢᠭᠤᠯᠵᠦ᠂ ᠪᠣᠳᠠᠲᠠᠶ ᠠᠵᠢᠯᠯᠠᠵᠤ ᠡᠷᠡᠮᠡᠬᠡᠢᠯᠡᠨ ᠤᠷᠤᠭ᠍ᠰᠢᠯᠠᠨ᠎ᠠ᠃ ᠪᠤᠬᠢᠷᠳᠤᠯ ᠦᠬᠡᠢ ᠴᠠᠬᠢᠯᠭᠠᠨ᠎ᠢᠶᠠᠷ ᠰᠠᠭᠤᠷᠢ ᠪᠣᠯᠭᠠᠵᠤ᠂ ᠱᠢᠨ᠎ᠡ᠎ᠶ᠋ᠢ ᠡᠭᠦᠳᠬᠦ᠌᠎ᠪᠡᠷ ᠵᠢᠭᠦᠷ ᠪᠣᠯᠭᠠᠨ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠬᠦᠭᠵᠢᠯᠳᠡ᠎ᠵᠢᠨ ᠰᠠᠭᠤᠷᠢ᠎ᠵᠢ ᠪᠡᠬᠢᠵᠢᠬᠦᠯᠵᠦ᠂ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠪᠠ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠵᠡᠷᠭᠡ ᠪᠡᠷ ᠠᠬᠢᠭᠤᠯᠬᠤ᠂ ᠬᠤᠤᠰ ᠴᠢᠭ᠌ᠯᠡᠯ᠎ᠢᠶᠡᠷ ᠬᠦᠴᠦᠨ ᠣᠯᠭᠣᠵᠤ᠂ ᠰᠠᠯᠬᠢ᠎ᠶ᠋ᠢ ᠬᠥᠭ᠌ᠵᠢᠯᠲᠡ ᠲᠠᠪᠰᠢᠯᠲᠠ᠎ᠶ᠋ᠢ ᠠᠬᠢᠭᠤᠯᠬᠤ ᠰᠦᠷ ᠳᠠᠯᠠᠢᠴᠠᠲᠠᠶ ᠬᠥᠳᠡᠯᠭᠡᠬᠦ᠌ ᠡᠨᠧᠷᠭᠢ ᠪᠣᠯᠭᠠᠵᠤ᠂ ᠨᠡᠷᠡᠨ᠎ᠦ ᠬᠡᠷᠡᠯ᠎ᠢ ᠱᠢᠮ᠎ᠡ ᠲᠡᠵᠢᠭᠡᠯ᠎ᠲᠡᠶ ᠦᠰᠦᠨ ᠪᠣᠢᠵᠢᠬᠤ ᠪᠠᠲᠤ ᠴᠢᠩᠭ᠎ᠠ ᠬᠦᠴᠦᠨ ᠪᠣᠯᠭᠠᠪᠠᠯ᠂ ᠥᠪᠥᠷ ᠮᠣᠩᠭᠣᠯ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠢᠷᠡᠭᠡᠳᠦᠶ᠎ᠶ᠋ᠢᠨ ᠦᠵᠡᠮᠵᠢ ᠯᠠᠪᠲᠠᠶ ᠨᠠᠩ ᠬᠡᠷᠡᠯ ᠰᠠᠴᠤᠷᠠᠩᠭᠤᠶ ᠪᠣᠯᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号