ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ 《ᠥᠪᠥᠷ ᠮᠣᠩᠭᠣᠯ᠎ᠤᠨ ᠦᠨᠦᠷ ᠠᠮᠲᠠ》 ᠨᠢ ᠲᠥᠯᠥᠭᠡᠯᠡᠭ᠌ᠴᠢᠳ ᠭᠡᠱᠢᠭᠦᠳ᠎ᠦᠨ ᠬᠠᠯᠠᠮᠰᠢᠯ ᠠᠰᠠᠭᠤᠳᠠᠯ᠎ᠤᠨ ᠨᠢᠭᠡ ᠪᠤᠯᠪᠠ᠃ ᠱᠢᠯᠢ᠎ᠶ᠋ᠢᠨ ᠭᠣᠣᠯ᠎ᠤᠨ ᠪᠢᠱᠢᠯᠠᠭ᠂ ᠬᠢᠩᠭᠠᠨ᠎ᠤ ᠲᠤᠲᠤᠷᠭ᠎ᠠ᠂ 《ᠥᠪᠥᠷ ᠮᠣᠩᠭᠣᠯ》 ᠲᠡᠮᠳᠡᠭᠳᠦ ᠲᠠᠯ᠎ᠠ ᠨᠤᠲᠤᠭ᠎ᠤᠨ ᠤᠬᠢ ᠱᠢᠯᠢᠳᠡᠭ ᠪᠦᠲᠦᠭᠡᠭ᠌ᠳᠡᠬᠦᠨ ᠬᠥᠮᠦᠰ᠎ᠦᠨ ᠠᠩᠬᠠᠷᠤᠯ ᠪᠠ ᠰᠠᠢᠱᠢᠶᠠᠯ᠎ᠳᠦ ᠬᠦᠷᠴᠦ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠬᠡᠨ ᠪᠠᠢᠭᠤᠯᠬᠤ ᠥᠪᠥᠷ ᠮᠣᠩᠭᠣᠯ᠎ᠤᠨ ᠡᠭᠦᠷᠭᠡ ᠬᠠᠷᠢᠭᠤᠴᠠᠯᠭ᠎ᠠ᠎ᠶ᠋ᠢ ᠭᠦᠢᠴᠡᠳ ᠨᠤᠲᠠᠯᠠᠵᠠᠢ᠃
《ᠥᠪᠥᠷ ᠮᠣᠩᠭᠣᠯ ᠤᠨ ᠦᠨᠦᠷ ᠠᠮᠲᠠ》 ᠶᠠᠭᠠᠬᠢᠭᠠᠳ ᠲᠦᠮᠡᠨ ᠭᠠᠵᠠᠷ ᠠᠯᠳᠠᠷᠰᠢᠭᠰᠠᠨ ᠪᠤᠢ ? ᠡᠨᠡ ᠪᠤᠯ ᠤᠯᠠᠨ᠎ᠠᠴᠠ ᠬᠡᠲᠦᠢᠳᠦᠭ᠌ᠰᠡᠨ ᠡᠬᠢ ᠪᠠᠶᠠᠯᠢᠭ᠎ᠤᠨ ᠳᠠᠪᠠᠭᠤᠯᠢᠭ ᠪᠠ ᠯᠠᠪᠳᠠᠭᠤᠨ ᠪᠠᠳᠤᠳᠠᠢ ᠦᠢᠯᠡᠳᠪᠦᠷᠢᠯᠡᠯ᠎ᠦᠨ ᠴᠢᠳᠠᠪᠤᠷᠢ ᠵᠢᠨ ᠪᠣᠳᠠᠲᠤ ᠬᠦᠴᠦᠨ ᠳ᠋ᠤ ᠲᠦᠰᠢᠭᠯᠡᠭᠰᠡᠨ ᠶᠤᠮ᠃ ᠥᠪᠥᠷ ᠮᠣᠩᠭᠣᠯ ᠪᠣᠯ ᠪᠥᠬᠥ᠌ ᠤᠯᠤᠰ᠎ᠤᠨ ᠲᠠᠷᠢᠶᠠᠨ ᠭᠠᠵᠠᠷ᠎ᠤᠨ ᠬᠡᠮᠵᠢᠶ᠎ᠡ ᠳ᠋ᠦᠩᠱᠢᠭᠤᠷ ᠮᠸ᠋ᠶ᠋ᠢ ᠳᠠᠪᠠᠭ᠍ᠰᠠᠨ 5 ᠮᠤᠵᠢ ᠣᠷᠣᠨ᠎ᠤ ᠨᠢᠭᠡ ᠪᠣᠯᠬᠤ ᠪᠥᠭᠡᠳ ᠳᠡᠯᠡᠬᠡᠶ ᠨᠡᠢᠲᠡ᠎ᠳᠦ ᠮᠡᠳᠡᠷᠡᠭ᠌ᠳᠡᠭ᠌ᠰᠡᠨ ᠴᠢᠨᠠᠷ ᠰᠠᠢᠲᠠᠶ ᠮᠠᠯᠵᠢᠬᠤ ᠣᠷᠣᠨ ᠪᠣᠯᠤᠨ᠎ᠠ᠃ ᠣᠢᠷ᠎ᠠ᠎ᠶ᠋ᠢᠨ ᠵᠢᠯ᠎ᠦᠳ᠎ᠲᠦ ᠥᠪᠥᠷ ᠮᠣᠩᠭᠣᠯ ᠠᠮᠤ ᠪᠤᠳᠠᠭᠠᠨ ᠤ ᠠᠮᠤᠷ ᠲᠦᠪᠱᠢᠨ᠂ ᠮᠢᠬᠠᠨ᠎ᠤ ᠵᠦᠶ᠋ᠯ᠎ᠦᠨ ᠬᠠᠩᠭᠠᠯᠭ᠎ᠠ ᠵᠡᠷᠭᠡ ᠣᠯᠠᠨ ᠬᠦᠷᠢᠶᠡᠨ᠎ᠳᠦ ᠱᠢᠨ᠎ᠡ ᠵᠢᠳᠬᠦᠯ ᠴᠢᠷᠮᠠᠢᠯᠭ᠎ᠠ ᠭᠠᠷᠭᠠᠭᠰᠠᠨ ᠵᠢᠡᠷ ᠲᠦᠷᠦᠯ ᠲᠡᠮᠳᠡᠭᠳᠦ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠦᠨ ᠨᠡᠷ᠎ᠡ ᠠᠯᠳᠠᠷᠱᠢᠯ ᠪᠠ ᠥᠷᠢᠰᠦᠯᠳᠦᠬᠦ᠌ ᠬᠦᠴᠦᠨ ᠡᠳᠦᠷ ᠢᠷᠡᠬᠦᠶ᠎ᠡ ᠨᠡᠮᠡᠭ᠌ᠳᠡᠪᠡ᠃ 《ᠱᠢᠯᠢ᠎ᠶ᠋ᠢᠨ ᠭᠤᠤᠯ᠎ᠤᠨ ᠬᠣᠨᠢ》᠂ 《ᠬᠣᠷᠴᠢᠨ ᠤ ᠦᠬᠡᠷ》 ᠨᠢ ᠴᠢᠨᠠᠷ ᠰᠠᠢᠲᠠᠶ ᠠᠮᠢᠳᠤᠷᠠᠯ᠎ᠤᠨ ᠢᠯᠡ ᠲᠣᠳᠣ ᠢᠯᠡᠷᠭᠡᠢᠯᠡᠯ ᠲᠡᠮᠳᠡᠭ ᠪᠣᠯᠵᠣ᠂ ᠬᠢᠩᠭᠠᠨ᠎ᠤ ᠲᠤᠲᠤᠷᠭ᠎ᠠ᠂ ᠤᠯᠠᠭᠠᠨᠬᠠᠳᠠ᠎ᠶ᠋ᠢᠨ ᠨᠠᠷᠢᠮᠤ᠂ ᠤᠯᠠᠭᠠᠨᠴᠠᠪ᠎ᠤᠨ ᠲᠥᠮᠥᠰᠥ᠍᠂ ᠪᠠᠶᠠᠨᠨᠠᠭᠤᠷ᠎ᠤᠨ ᠭᠤᠯᠢᠷ ᠵᠡᠷᠭᠡ ᠪᠦᠲᠦᠭᠡᠭ᠌ᠳᠡᠬᠦᠨ ᠡᠯ᠎ᠡ ᠭᠠᠵᠠᠷ᠎ᠲᠤ ᠪᠣᠷᠣᠯᠠᠭᠤᠯᠭ᠎ᠠ ᠰᠠᠢᠲᠠᠶ ᠪᠠᠢᠵᠤ᠂ ᠨᠡᠩ ᠤᠯᠠᠨ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠪᠦᠬᠦ᠌ ᠤᠯᠤᠰ᠎ᠤᠨ ᠡᠯ᠎ᠡ ᠭᠠᠵᠠᠷ᠎ᠤᠨ ᠬᠣᠭᠣᠯᠠᠨ ᠱᠢᠷᠡᠭᠡᠨ ᠳᠡᠭᠡᠷᠡᠬᠢ ᠳᠤᠲᠠᠭ᠍ᠳᠠᠵᠤ ᠪᠣᠯᠤᠰᠢ ᠦᠭᠡᠢ ᠠᠮᠳᠠᠳᠤ ᠢᠳᠡᠭᠡᠨ ᠪᠤᠯᠵᠠᠢ᠃
ᠲᠡᠭᠡᠪᠡᠯ᠂ 《ᠥᠪᠥᠷ ᠮᠣᠩᠭᠣᠯ᠎ᠤᠨ ᠦᠨᠦᠷ ᠠᠮᠲᠠ》 ᠬᠡᠷᠬᠢᠨ ᠠᠩᠬᠢᠯᠤᠮ᠎ᠠ ᠰᠠᠢᠬᠠᠨ ᠵᠢᠡᠨ ᠢᠮᠠᠭᠳᠠ ᠪᠠᠳᠤᠯᠠᠵᠤ ᠴᠢᠳᠠᠬᠤ ᠪᠤᠢ? ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍ ᠂ ᠳᠠᠯᠳᠠ ᠬᠦᠴᠦᠨ᠎ᠢ ᠭᠦᠨ ᠠᠭᠤᠳᠠᠯᠬᠤ ᠪᠣᠯ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠢᠯᠠᠰᠢ ᠥᠬᠡᠶ ᠶᠠᠪᠤᠬᠤ ᠵᠠᠮ ᠮᠥᠨ᠃ ᠨᠢᠭᠡ ᠰᠢᠷᠭᠡᠭ ᠡᠪᠡᠰᠦ᠎ᠡᠴᠡ ᠨᠢᠭᠡ ᠴᠣᠮᠣ ᠰᠦ ᠬᠦᠷᠲᠡᠯ᠎ᠡ᠂ ᠨᠢᠭᠡ ᠮᠥᠬᠥᠯᠢᠭ ᠦᠷ᠎ᠡ᠎ᠡᠴᠡ ᠨᠢᠭᠡ ᠠᠵᠤ ᠦᠢᠯᠡᠰ ᠬᠦᠷᠲᠡᠯ᠎ᠡ᠂ ᠭᠠᠵᠠᠷ ᠣᠷᠣᠨ᠎ᠤ ᠪᠦᠲᠦᠭᠡᠭᠳᠡᠭᠦᠨ᠎ᠠᠴᠠ ᠪᠦᠬᠦ᠌ ᠤᠯᠤᠰ᠎ᠤᠨ ᠨᠡᠷ᠎ᠡ᠎ᠶ᠋ᠢᠨ ᠬᠠᠭᠤᠳᠠᠰᠤ ᠬᠦᠷᠲᠡᠯ᠎ᠡ᠂ ᠮᠠᠨ᠎ᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠨᠢ᠂ ᠭᠠᠭ᠍ᠴᠠ ᠬᠦ᠌ ᠠᠮᠢ ᠠᠬᠤᠢ᠎ᠵᠢᠨ ᠳᠠᠪᠠᠭᠤᠯᠢᠭ᠎ᠵᠢᠡᠨ ᠵᠤᠵᠠᠭᠠᠳᠭᠠᠵᠤ᠂ ᠤᠨᠴᠠᠯᠢᠬ᠍ᠳᠤ ᠠᠵᠤ ᠦᠢᠯᠡᠰ᠎ᠢ ᠬᠦᠴᠦᠷᠬᠡᠭ᠌ᠵᠢᠭᠦᠯᠵᠦ᠍᠂ ᠤᠬᠢ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠵᠤ᠂ ᠰᠠᠢ᠌ᠨ ᠡᠬᠢ ᠪᠠᠶᠠᠯᠢᠭ᠎ᠢᠶᠠᠷ ᠰᠠᠢ᠌ᠨ ᠪᠦᠲᠦᠭᠡᠭ᠌ᠳᠡᠬᠦᠨ ᠦᠢᠯᠡᠳᠪᠦᠷᠢᠯᠡᠵᠦ᠍᠂ ᠰᠠᠢ᠌ᠨ ᠲᠦᠷᠦᠯ ᠲᠡᠮᠳᠡᠭ ᠵᠢᠡᠷ ᠰᠠᠢᠨ ᠵᠠᠬ᠎ᠠ ᠳᠡᠯᠭᠡᠭᠦᠷ᠎ᠢ ᠨᠡᠭᠡᠭᠡᠪᠡᠯ ᠰᠠᠶᠢ ᠥᠷᠢᠰᠥᠯᠳᠦᠭᠡᠨ᠎ᠦ ᠳᠤᠮᠳᠠ ᠴᠣᠯᠭᠣᠷᠠᠨ ᠭᠠᠷᠴᠤ᠌᠂ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ᠃ ᠡᠨᠡ ᠵᠢᠯ᠂ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢᠨ ᠲᠤᠬᠠᠶ ᠠᠯᠢ ᠣᠯᠠᠨ ᠪᠠᠢᠷᠢᠯᠠᠭᠤᠯᠤᠯᠲᠠ ᠲᠣᠳᠣᠷᠬᠠᠶ ᠪᠥᠭᠡᠳ ᠬᠦᠴᠦᠲᠡᠶ ᠪᠣᠯᠪᠠ᠄ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ 《 ᠦᠷ᠎ᠡ᠎ᠪᠡᠷ ᠭᠤᠤᠯ ᠪᠣᠯᠭᠠᠬᠤ》 ᠢᠨᠵᠧᠨᠧᠷᠢᠩ᠎ᠢ ᠬᠡᠷᠡᠭ᠌ᠵᠢᠭᠦᠯᠬᠦ᠌᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠎ᠢ ᠱᠢᠯᠢᠳᠡᠭ᠌ᠵᠢᠭᠦᠯᠬᠦ᠌ ᠵᠡᠷᠭᠡ ᠦᠨᠡᠨ ᠪᠤᠳᠠᠳᠠᠢ ᠪᠠᠢᠷᠢᠯᠠᠭᠤᠯᠤᠯᠲᠠ᠎ᠨᠢ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠠᠩ ᠥᠨᠳᠥᠷ ᠦᠨ᠎ᠡ ᠥᠷᠲᠡᠭ᠂ ᠨᠠᠩ ᠥᠷᠭᠡᠨ ᠵᠠᠬ᠎ᠠ ᠳᠡᠯᠭᠡᠭᠦᠷ᠎ᠦᠨ ᠳᠠᠪᠠᠯᠲᠠ᠎ᠶ᠋ᠢ ᠠᠬᠢᠭᠤᠯᠬᠤ᠎ᠳᠤ ᠬᠢᠵᠠᠭᠠᠷ ᠥᠬᠡᠶ ᠪᠤᠯᠤᠮᠵᠢ ᠬᠠᠩᠭᠠᠪᠠ᠃ ᠮᠠᠯ ᠠᠵᠤ ᠠᠬᠤᠶ᠎ᠲᠠᠷᠢᠶᠠᠯᠠᠩ ᠵᠢᠡᠷ ᠣᠷᠣᠨ᠎ᠢᠶᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠠᠶᠠᠨ ᠳᠦ ᠦᠷᠭᠦᠯᠵᠢᠯᠡᠨ ᠱᠢᠯᠢᠳᠡᠭ᠌ᠵᠢᠭᠦᠯᠬᠦ᠌ ᠳᠠᠢᠰᠢ ᠤᠷᠤᠭ᠍ᠰᠢᠯᠠᠵᠤ᠂ ᠬᠦᠴᠦᠷᠬᠡᠭ᠌ᠵᠢᠬᠦ᠌ ᠲᠡᠢᠰᠢ ᠤᠷᠤᠭ᠍ᠰᠢᠯᠠᠵᠤ᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ ᠪᠠ ᠵᠠᠬ᠎ᠠ ᠳᠡᠯᠭᠡᠭᠦᠷ ᠦᠨ ᠥᠷᠢᠰᠦᠯᠳᠦᠬᠦ᠌ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠦᠲᠦᠭᠡᠭ᠌ᠳᠡᠬᠦᠨ ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠪᠡᠯ᠂ ᠮᠠᠨ᠎ᠤ ᠣᠷᠣᠨ᠎ᠤ ᠪᠣᠬᠢᠷᠲᠤᠯ ᠥᠬᠡᠶ ᠮᠠᠯ ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠲᠡᠮᠳᠡᠭ᠌ ᠤᠯᠠᠮ ᠶ᠋ᠢᠡᠷ ᠠᠯᠳᠠᠷᠱᠢᠵᠤ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠤᠯᠠᠮ ᠭᠦᠶ᠋ᠴᠡᠳ ᠪᠤᠯᠬᠤ ᠨᠢ ᠲᠠᠮᠵᠢᠭ ᠦᠭᠡᠢ᠃