ᠰᠦᠩ ᠫᠢᠩ ᠨᠥᠬᠥᠷ᠎ᠦᠨ ᠴᠢᠨᠳᠠᠷ ᠎ᠢ ᠪᠡᠭᠡᠵᠢᠩ᠎ᠳᠦ ᠳᠡᠭᠳᠡᠭᠡᠪᠡ
2026-03-11 09:26:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ᠎ᠶᠢᠨ ᠫᠢᠩ   ᠯᠢ ᠴᠢᠶᠠᠩ   ᠵᠤᠤ ᠯᠸ ᠵᠢᠢ   ᠸᠠᠩ ᠬ᠍ᠤ ᠨᠢᠩ    ᠼᠠᠢ ᠴᠢ   ᠳ᠋ᠢᠩ ᠰᠢᠦᠸᠠᠢ ᠰᠢᠶᠠᠩ    ᠯᠢ ᠰᠢ    ᠬᠠᠨ ᠵᠧᠩ ᠨᠠᠷ ᠪᠠᠪᠦᠦᠱᠠᠨ᠎ᠳᠠᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠳᠤ ᠬᠦᠷᠴᠦ ᠠᠶᠠᠷᠯᠠᠨ ᠮᠣᠷᠳᠠᠭᠤᠯᠪᠠ     ᠬ᠍ᠤ ᠵᠢᠨ ᠲᠤᠤ ᠴᠠᠭᠠᠷᠢᠭ᠍ᠲᠤ ᠴᠡᠴᠡᠭ ᠬᠦᠷᠭᠡᠵᠦ ᠡᠮᠭᠡᠨᠢᠨ ᠭᠠᠰᠢᠭᠤᠳᠠᠵᠤ ᠪᠠᠢᠬᠤ ᠪᠡᠨ ᠢᠯᠡᠳᠬᠡᠵᠡᠢ

ᠰᠦᠩ ᠫᠢᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠲᠠᠷᠠᠭ᠎ᠠ ᠰᠢ᠎ᠶᠢᠨ ᠫᠢᠩ  ᠯᠢ ᠴᠢᠶᠠᠩ  ᠵᠤᠤ ᠯᠸ ᠵᠢᠢ ᠸᠠᠩ ᠬ᠍ᠤ ᠨᠢᠩ  ᠼᠠᠢ ᠴᠢ  ᠳ᠋ᠢᠩ ᠰᠢᠦᠸᠠᠢ ᠰᠢᠶᠠᠩ  ᠯᠢ ᠰᠢ  ᠬᠠᠨ ᠵᠧᠩ  ᠬ᠍ᠤ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠣᠷᠢᠶ᠎ᠠ᠎ᠳᠤ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠰᠦᠩ ᠫᠢᠩ ᠨᠥᠬᠥᠷ᠎ᠦᠨ ᠨᠠᠰᠤ ᠪᠠᠷᠠᠭᠰᠠᠨ᠎ᠳᠤ ᠭᠦᠨ᠎ᠡ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠬᠦ᠎ᠶᠢᠨ ᠬᠠᠮᠲᠤ ᠲᠦᠷᠦᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠠ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠯᠢᠳᠡᠭ ᠨᠠᠮ᠎ᠤᠨ ᠭᠡᠰᠢᠭᠦᠨ᠂ ᠤᠷᠳᠤ ᠬᠤᠭᠤᠴᠠᠭᠠᠨ᠎ᠤ ᠰᠢᠯᠭᠠᠯᠲᠠ᠎ᠶᠢ ᠥᠩᠭᠡᠷᠡᠭᠡᠭᠰᠡᠨ ᠡᠪ ᠬᠠᠮᠲᠤ ᠶᠣᠰᠣᠨ᠎ᠤ ᠰᠢᠳᠤᠷᠭᠤ ᠪᠠᠢᠯᠳᠤᠭ᠍ᠴᠢ᠂ ᠦᠭᠡᠢᠭᠦᠦ ᠠᠩᠭᠢ ᠎ᠶᠢᠨ ᠰᠢᠯᠭᠠᠷᠠᠭᠰᠠᠨ ᠬᠤᠪᠢᠰᠬᠠᠯᠴᠢ᠂ ᠤᠯᠤᠰ ᠲᠥᠷᠥᠴᠢᠨ᠂ ᠨᠠᠮ ᠪᠣᠯᠣᠨ ᠤᠯᠤᠰ᠎ᠤᠨ ᠭᠠᠷᠮᠠᠭᠠᠢ ᠤᠳᠤᠷᠢᠳᠬᠤ ᠬᠥᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠤᠤᠯ᠎ᠤᠨ ᠲᠦᠷᠦ᠎ᠶᠢᠨ ᠶᠠᠪᠤᠳᠠᠯ᠎ᠤᠨ ᠭᠡᠰᠢᠭᠦᠨ ᠰᠦᠩ ᠫᠢᠩ ᠨᠥᠬᠥᠷ᠎ᠦᠨ ᠴᠢᠨᠳᠠᠷ ᠎ᠢ 10᠎ᠤ᠋ ᠡᠳᠦᠷ ᠪᠡᠭᠡᠵᠢᠩ᠎ᠦᠨ ᠪᠠᠪᠦᠦᠱᠠᠨ᠎ᠳᠡᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠳᠤ ᠳᠡᠭᠳᠡᠭᠡᠪᠡ᠃

ᠰᠦᠩ ᠫᠢᠩ ᠨᠥᠬᠥᠷ ᠡᠪᠡᠳᠴᠢᠯᠡᠭᠡᠳ 2026 ᠣᠨ᠎ᠤ 3 ᠰᠠᠷ᠎ᠠ᠎ᠶᠢᠨ 4᠎ᠤ᠋ ᠡᠳᠦᠷ᠎ᠦᠨ 15 ᠴᠠᠭ 36 ᠮᠢᠨᠦ᠋ᠲ᠎ᠲᠦ ᠪᠡᠭᠡᠵᠢᠩ᠎ᠳᠦ ᠨᠠᠰᠤ ᠪᠠᠷᠠᠪᠠ᠂ ᠨᠠᠰᠤᠨ ᠰᠡᠭᠦᠳᠡᠷ 109᠃


QQ截图20260207120745.png


3 ᠰᠠᠷ᠎ᠠ᠎ᠶᠢᠨ 10 ᠎ᠤ᠋ ᠡᠳᠦᠷ᠂ ᠰᠦᠩ ᠫᠢᠩ ᠨᠥᠬᠥᠷ᠎ᠦᠨ ᠴᠢᠨᠳᠠᠷ ᠎ᠢ ᠪᠡᠭᠡᠵᠢᠩ᠎ᠦᠨ ᠪᠠᠪᠦᠦᠱᠠᠨ᠎ᠳᠡᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠳᠤ ᠳᠡᠭᠳᠡᠭᠡᠪᠡ᠃ ᠰᠢ᠎ᠶᠢᠨ ᠫᠢᠩ᠂ ᠯᠢ ᠴᠢᠶᠠᠩ᠂ ᠵᠤᠤ ᠯᠸ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠬᠠᠨ ᠵᠧᠩ ᠨᠠᠷ ᠪᠠᠪᠦᠦᠱᠠᠨ᠎ᠳᠦ ᠬᠦᠷᠴᠦ ᠠᠶᠠᠷᠯᠠᠨ ᠮᠣᠷᠳᠠᠭᠤᠯᠵᠤ᠂ ᠬ᠍ᠤ᠎ᠶᠢᠨ ᠲᠤᠤ ᠴᠠᠭᠠᠷᠢᠭ᠍ᠲᠤ ᠴᠡᠴᠡᠭ ᠬᠦᠷᠭᠡᠵᠦ ᠡᠮᠭᠡᠨᠢᠨ ᠭᠠᠰᠢᠭᠤᠳᠠᠵᠤ ᠪᠠᠢᠬᠤ ᠪᠡᠨ ᠢᠯᠡᠳᠬᠡᠵᠡᠢ᠃ ᠵᠢᠷᠤᠭ ᠪᠤᠯ ᠰᠢ ᠵᠢᠨ ᠫᠢᠩ ᠰᠦᠩ ᠫᠢᠩ᠎ᠤᠨ ᠰᠠᠲᠤᠨ ᠲᠦᠷᠦᠯ ᠲᠡᠢ ᠭᠠᠷ ᠠᠳᠬᠤᠵᠤ᠂ ᠲᠤᠳᠤᠨᠤ ᠪᠡᠷ ᠲᠤᠬᠤᠨᠢᠭᠤᠯᠵᠤ ᠪᠠᠢᠭ᠎ᠠ ᠨᠢ᠃

ᠰᠢᠨᠬᠤᠸᠨ ᠬᠤᠷᠢᠶ᠎ᠠ ᠵᠢᠨ ᠰᠤᠷᠪᠤᠯᠵᠢᠯᠠᠭᠴᠢ  ᠰᠢᠶᠸ ᠬᠤᠸᠠᠨ ᡂᠢ  ᠰᠡᠭᠦᠳᠡᠷᠯᠡᠪᠡ


ᠰᠦᠩ ᠫᠢᠩ ᠨᠥᠬᠥᠷ᠎ᠦᠨ ᠡᠪᠡᠳᠴᠢᠨ ᠬᠦᠨᠳᠦ ᠪᠠᠢᠭᠰᠠᠨ ᠬᠤᠭᠤᠴᠠᠭᠠᠨ᠎ᠳᠤ ᠪᠠ ᠨᠠᠰᠤ ᠪᠠᠷᠠᠭᠰᠠᠨ᠎ᠤ ᠲᠠᠷᠠᠭ᠎ᠠ᠂ ᠰᠢ᠎ᠶᠢᠨ ᠫᠢᠩ᠂ ᠯᠢ ᠴᠢᠶᠠᠩ᠂ ᠵᠤᠤ ᠯᠸ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠬᠠᠨ ᠵᠧᠩ᠂ ᠬ᠍ᠤ ᠵᠢᠨ ᠲᠤᠤ ᠵᠡᠷᠭᠡ ᠨᠥᠬᠥᠳ ᠡᠮᠨᠡᠯᠭᠡ᠎ᠶᠢᠨ ᠬᠣᠷᠢᠶ᠎ᠠ᠎ᠳᠤ ᠬᠦᠷᠴᠦ ᠪᠤᠯᠭᠤᠭᠠᠨ ᠦᠵᠡᠭᠰᠡᠨ ᠪᠤᠶᠤ ᠤᠯᠠᠨ ᠬᠡᠯᠪᠡᠷᠢ᠎ᠪᠡᠷ ᠰᠦᠩ ᠫᠢᠩ ᠨᠥᠬᠥᠷ᠎ᠦᠨ ᠨᠠᠰᠤ ᠪᠠᠷᠠᠭᠰᠠᠨ᠎ᠳᠤ ᠭᠦᠨ᠎ᠡ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠬᠦ᠎ᠶᠢᠨ ᠬᠠᠮᠲᠤ ᠲᠦᠷᠦᠯ ᠰᠠᠳᠤᠨ᠎ᠢ ᠨᠢ ᠳᠣᠲᠣᠨᠣ᠌᠎ᠪᠠᠷ ᠲᠣᠬᠣᠨᠢᠭᠤᠯᠵᠤ ᠪᠠᠢᠬᠤ᠎ᠪᠠᠨ ᠢᠯᠡᠳᠬᠡᠪᠠ᠃

10᠎ᠤ᠋ ᠦᠳᠡ᠎ᠶᠢᠨ ᠡᠮᠦᠨ᠎ᠡ᠂ ᠪᠠᠪᠦᠦᠱᠠᠨ᠎ᠳᠡᠬᠢ ᠬᠤᠪᠢᠰᠬᠠᠯᠴᠢᠳ᠎ᠤᠨ ᠨᠡᠶ᠋ᠢᠲᠡ᠎ᠶᠢᠨ ᠪᠤᠩᠬᠤᠨ᠎ᠤ ᠶᠣᠰᠣᠯᠠᠯ᠎ᠤᠨ ᠲᠠᠩᠬᠢᠮ᠎ᠳᠦ ᠲᠥᠪ ᠬᠢᠴᠢᠶᠡᠨᠭᠬᠥᠢ ᠠᠮᠢᠰᠬᠤᠯ ᠵᠢᠨᠷ ᠪᠢᠯᠬᠠᠵᠤ᠂ ᠭᠠᠰᠢᠭᠤᠳᠠᠯ᠎ᠤᠨ ᠠᠶᠠᠰ ᠨᠠᠮ ᠴᠤᠤᠷᠢᠶᠠᠳᠤᠨ᠎ᠠ᠃ ᠭᠣᠣᠯ ᠲᠢᠩᠬᠢᠮ᠎ᠦᠨ ᠳᠡᠭᠡᠷ᠎ᠡ ᠲᠠᠯ᠎ᠠ᠎ᠳᠤ 《ᠰᠦᠩ ᠫᠢᠩ ᠨᠥᠬᠥᠷ ᠎ᠢ ᠡᠮᠭᠡᠨᠢᠨ ᠭᠠᠰᠢᠭᠤᠳᠠᠶ᠎ᠠ》 ᠭᠡᠬᠦ ᠬᠠᠷ᠎ᠠ ᠳᠡᠪᠢᠰᠬᠡᠷ᠎ᠲᠠᠢ ᠴᠠᠭᠠᠨ ᠦᠰᠦᠭ ᠪᠦᠬᠦᠢ ᠬᠥᠨᠳᠡᠯᠡᠨ ᠪᠢᠴᠢᠭᠡᠰᠦ᠎ᠶᠢ ᠡᠯᠭᠦᠵᠦ᠂ ᠬᠥᠨᠳᠡᠯᠡᠨ ᠪᠢᠴᠢᠭᠡᠰᠦ᠎ᠶᠢᠨ ᠳᠣᠣᠷ᠎ᠠ ᠲᠠᠯ᠎ᠠ ᠳ᠋ᠤ ᠰᠦᠩ ᠫᠢᠩ ᠨᠥᠬᠥᠷ᠎ᠦᠨ ᠬᠦᠷᠦᠭ᠎ᠢ ᠡᠯᠭᠦᠵᠡᠢ᠃ ᠰᠦᠩ ᠫᠢᠩ ᠨᠥᠬᠥᠷ᠎ᠦᠨ ᠴᠢᠨᠳᠠᠷ ᠰᠣᠷᠭᠣᠭ ᠴᠡᠴᠡᠭ ᠮᠠᠢᠯᠠᠰᠤ᠎ᠶᠢᠨ ᠳᠤᠮᠳᠠ ᠠᠮᠤᠷᠯᠢᠨᠭᠭᠤᠢ ᠨᠤᠢᠷᠰᠤᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ᠎ᠢ ᠬᠤᠴᠢᠵᠠᠢ᠃

ᠦᠳᠡ᠎ᠶᠢᠨ ᠡᠮᠦᠨᠡᠬᠢ 9 ᠴᠠᠭ 30 ᠮᠢᠨᠦ᠋ᠲ᠎ᠦᠨ ᠦᠶ᠎ᠡ᠎ᠪᠡᠷ᠂ ᠰᠢ᠎ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠬᠠᠨ ᠵᠧᠩ ᠨᠠᠷ ᠭᠠᠰᠢᠭᠤᠳᠠᠯ᠎ᠤᠨ ᠠᠶᠠᠰ᠎ᠤᠨ ᠳᠤᠮᠳᠠ ᠰᠥᠩ ᠫᠢᠩ ᠨᠥᠬᠥᠷ᠎ᠦᠨ ᠴᠢᠨᠳᠠᠷ᠎ᠤᠨ ᠡᠮᠦᠨ᠎ᠡ ᠠᠯᠭᠤᠷᠬᠠᠨ ᠬᠦᠷᠴᠦ ᠲᠦᠪ ᠵᠤᠭᠰᠤᠵᠤ ᠨᠠᠮᠠᠨᠴᠢᠯᠠᠨ ᠭᠠᠰᠢᠭᠤᠳᠠᠵᠤ᠂ ᠰᠥᠩ ᠫᠢᠩ ᠨᠥᠬᠥᠷ᠎ᠦᠨ ᠴᠢᠨᠳᠠᠷ᠎ᠲᠤ ᠭᠤᠷᠪᠠᠨᠲᠠ ᠮᠡᠬᠥᠢᠨ ᠶᠤᠰᠤᠯᠠᠭᠰᠠᠨ ᠪᠦᠭᠡᠳ ᠰᠥᠩ ᠫᠢᠩ ᠨᠥᠬᠥᠷ᠎ᠦᠨ ᠲᠥᠷᠥᠯ ᠰᠠᠳᠤᠨ᠎ᠲᠠᠢ ᠨᠢᠭᠡᠳ ᠨᠢᠭᠡ᠎ᠪᠡᠷ ᠭᠠᠷ ᠠᠳᠬᠤᠨ ᠲᠣᠬᠣᠨᠢᠭᠤᠯᠵᠤ ᠪᠠᠢᠬᠤ᠎ᠪᠠᠨ ᠢᠯᠡᠳᠬᠡᠪᠡ᠃ ᠬ᠍ᠤ᠎ᠶᠢᠨ ᠲᠤᠤ ᠴᠠᠭᠠᠷᠢᠭ᠍ᠲᠤ ᠴᠡᠴᠡᠭ ᠬᠦᠷᠭᠡᠵᠦ᠂ ᠰᠦᠩ ᠫᠢᠩ ᠨᠥᠬᠥᠷ᠎ᠦᠨ ᠨᠠᠰᠤ ᠪᠠᠷᠠᠭᠰᠠᠨ᠎ᠳᠤ ᠭᠠᠰᠢᠭᠤᠳᠠᠵᠤ ᠪᠠᠢᠬᠤ᠎ᠪᠠᠨ ᠢᠯᠡᠳᠬᠡᠪᠡ᠃

ᠨᠠᠮ ᠪᠣᠯᠣᠨ ᠲᠦᠷᠦ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠦᠷᠴᠦ ᠢᠷᠡᠵᠤ ᠠᠶᠠᠷᠯᠠᠨ ᠮᠣᠷᠳᠠᠭᠤᠯᠤᠭᠰᠠᠨ ᠪᠤᠶᠤ ᠤᠯᠠᠨ ᠬᠡᠯᠪᠡᠷᠢ᠎ᠪᠡᠷ ᠡᠮᠭᠡᠨᠢᠨ ᠭᠠᠰᠢᠭᠤᠳᠠᠵᠤ ᠪᠠᠢᠬᠤ᠎ᠪᠠᠨ ᠢᠯᠡᠳᠬᠡᠪᠡ᠃ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠦᠬᠦᠳ᠂ ᠰᠦᠩ ᠫᠢᠩ ᠨᠥᠬᠥᠷ᠎ᠦᠨ ᠠᠮᠢᠳᠤ ᠰᠡᠷᠡᠭᠦᠨ ᠪᠠᠢᠬᠤ ᠦᠶ᠎ᠡ᠎ᠶᠢᠨ ᠰᠠᠢᠨ ᠨᠠᠢᠵᠠ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠪᠠᠰᠠ ᠬᠦᠷᠴᠦ ᠢᠷᠡᠵᠤ ᠠᠶᠠᠷᠯᠠᠨ ᠮᠣᠷᠳᠠᠭᠤᠯᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 10᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号