ᠮᠠᠨ ᠤ᠋ ᠤᠷᠤᠨ ᠬᠠᠪᠤᠷ ᠤ᠋ᠨ ᠲᠠᠷᠢᠶᠠᠯᠠᠭ᠎ᠠ ᠶ᠋ᠢᠨ ᠠᠵᠢᠯ ᠢ᠋ ᠡᠷᠴᠢᠮᠲᠠᠢ ᠠᠬᠢᠭᠤᠯᠵᠤ ᠪᠤᠢ
2026-03-11 10:00:43
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠶ᠋ᠢᠨ 《1571》 ᠠᠵᠢᠯ ᠤ᠋ᠨ ᠪᠠᠢᠷᠢᠯᠠᠭᠤᠯᠤᠯᠲᠠ ᠵᠢ ᠭᠦᠨᠵᠡᠭᠡᠶ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠮᠠᠯ ᠠᠵᠤ ᠠᠬᠤᠢ ᠲᠠᠷᠢᠶᠠᠯᠠᠡᠭ ᠦᠶ᠋ᠯᠡᠳᠪᠦᠷᠢᠯᠡᠯ ᠤ᠋ᠨ ᠰᠠᠢᠨ ᠡᠬᠢᠯᠡᠯᠲᠡ ᠵᠢ ᠪᠠᠲᠤᠯᠠᠬᠤ ᠶ᠋ᠢᠨ ᠲᠦᠯᠦᠭᠡ ᠲᠦᠷᠦᠭᠦᠬᠡᠨ ᠦᠪᠡᠷᠳᠡᠬᠡᠨ ᠵᠠᠰᠠᠬᠤ ᠤᠷᠤᠨ ᠡᠴᠡ ᠪᠦᠬᠦ ᠤᠷᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ ᠵᠢᠴᠢ ᠬᠠᠪᠤᠷ ᠤ᠋ᠨ ᠲᠠᠷᠢᠶᠠᠯᠠᠭ᠎ᠠ ᠶ᠋ᠢᠨ ᠪᠤᠯᠪᠠᠰᠤᠷᠠᠯ ᠤ᠋ᠨ ᠠᠡᠭᠬᠢ ᠵᠢ ᠡᠷᠬᠢᠯᠡᠪᠡ᠃

ᠲᠤᠰ ᠤᠳᠠᠭ᠎ᠠ ᠵᠢᠨ ᠪᠤᠯᠪᠠᠰᠤᠷᠠᠯ ᠤ᠋ᠨ ᠠᠡᠭᠬᠢ ᠨᠢ ᠴᠢᠨᠠᠷ ᠰᠠᠢᠲᠠᠶ ᠬᠥᠭ᠌ᠵᠢᠯᠲᠡ ᠵᠢᠨ ᠲᠣᠭᠣᠷᠢᠨ ᠳ᠋ᠤ 《ᠲᠠᠷᠢᠮᠠᠯ ᠤ᠋ᠨ ᠲᠠᠯᠠᠪᠠᠶ ᠵᠢ ᠲᠣᠭ᠍ᠲᠠᠪᠤᠷᠢᠵᠢᠭᠤᠯᠬᠤ᠂ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ᠂ ᠪᠦᠲᠦᠴᠡ ᠵᠢ ᠱᠢᠯᠢᠳᠡᠭ᠌ᠵᠢᠭᠦᠯᠬᠦ᠌᠂ ᠭᠠᠮᠱᠢᠭ ᠢ᠋ ᠪᠠᠭᠠᠰᠭᠠᠬᠤ》 ᠪᠡᠷ ᠭᠤᠤᠯ ᠤᠳᠤᠷᠢᠳᠤᠮᠵᠢ ᠪᠤᠯᠭᠠᠨ᠂ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ ᠤ᠋ᠨ ᠵᠠᠩᠭᠢᠯᠠᠭ᠎ᠠ ᠵᠢᠨ ᠭᠣᠭ᠍ᠴᠣᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ 《ᠲᠤᠬᠠᠶ ᠵᠢᠨ ᠲᠠᠯᠠᠪᠠᠶ ᠵᠢᠨ ᠦᠵᠡᠭᠦᠯᠭᠡ + ᠨᠡᠢᠲᠡᠯᠢᠭ ᠵᠢᠱ᠌ᠢᠶ᠎ᠡ ᠵᠢᠨ ᠰᠣᠯᠢᠯᠴᠠᠭ᠎ᠠ + ᠲᠥᠷᠥ ᠵᠢᠨ ᠪᠣᠳᠣᠯᠭ᠎ᠠ ᠵᠢᠨ ᠲᠠᠢᠯᠤᠮᠵᠢ》 ᠶ᠋ᠢᠨ ᠪᠣᠳᠠᠲᠠᠶ ᠵᠢ ᠡᠷᠬᠢᠮᠯᠡᠭ᠌ᠰᠡᠨ ᠬᠡᠯᠪᠡᠷᠢ ᠪᠡᠷ ᠶᠠᠪᠤᠭᠳᠠᠵᠤ᠂ ᠡᠯ᠎ᠡ ᠵᠦᠶ᠋ᠯ ᠤ᠋ᠨ ᠠᠵᠢᠯ ᠢ᠋ ᠪᠣᠳᠠᠲᠠᠶ ᠳ᠋ᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠠᠬᠢᠭᠤᠯᠪᠠ᠃ ᠬᠤᠷᠠᠯ ᠳ᠋ᠤ ᠣᠷᠣᠯᠴᠠᠭ᠍ᠰᠠᠨ ᠲᠥᠯᠥᠭᠡᠯᠡᠭ᠌ᠴᠢᠳ ᠣᠲᠣ ᠦᠶ᠎ᠡ ᠵᠢᠨ ᠲᠠᠷᠢᠶᠠᠯᠠᠩ ᠤ᠋ᠨ ᠶᠠᠪᠤᠳᠠᠯ ᠤ᠋ᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠂ ᠤᠨᠴᠠᠯᠢᠬ᠍ᠳᠤ ᠠᠵᠤ ᠦᠶ᠋ᠯᠡᠰ ᠤ᠋ᠨ ᠬᠦᠷᠢᠶᠡᠯᠡᠩ ᠵᠢᠴᠢ ᠡᠷᠳᠡᠨᠢ ᠱᠢᠰᠢ ᠵᠢᠨ ᠮᠦ᠍ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠤ᠋ᠨ ᠥᠨᠳᠥᠷ ᠪᠦᠲᠦᠮᠵᠢᠲᠤ ᠤᠰᠤ ᠠᠷᠪᠢᠯᠠᠬᠤ ᠬᠦᠷᠢᠶᠡᠯᠡᠩ ᠲᠣᠭᠣᠷᠢᠭ ᠵᠡᠷᠭᠡ ᠵᠢ ᠲᠣᠭᠣᠷᠢᠨ ᠦᠵᠡᠵᠦ᠍᠂ ᠪᠠᠶᠠᠨᠨᠠᠭᠤᠷ ᠬᠤᠲᠠ ᠶ᠋ᠢᠨ ᠬᠠᠩᠭᠢᠨ ᠬᠣᠢᠲᠤ ᠬᠣᠱᠢᠭᠤᠨ ᠤ᠋ ᠮᠦ᠍ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠠᠵᠢᠯ᠂ ᠣᠶᠤᠨᠴᠢ ᠲᠠᠷᠢᠶᠠᠯᠠᠩ᠂ ᠠᠵᠤ ᠦᠶ᠋ᠯᠡᠰ ᠤ᠋ᠨ ᠠᠭᠤᠰᠤᠯᠴᠠᠯ᠂ ᠪᠣᠬᠢᠷᠲᠤᠯ ᠥᠬᠡᠶ ᠬᠥᠭ᠌ᠵᠢᠯᠲᠡ ᠵᠡᠷᠭᠡ ᠲᠠᠯ᠎ᠠ ᠵᠢᠨ ᠨᠡᠢᠲᠡᠯᠢᠭ ᠲᠤᠷᠱᠢᠯᠭ᠎ᠠ ᠵᠢ ᠰᠤᠷᠤᠯᠴᠠᠪᠠ᠃ ᠲᠤᠬᠠᠶ ᠵᠢᠨ ᠲᠠᠯᠠᠪᠠᠶ ᠳ᠋ᠤ ᠪᠥᠬᠥ᠌ ᠣᠷᠣᠨ ᠤ᠋ ᠬᠠᠪᠤᠷ ᠤ᠋ᠨ ᠲᠠᠷᠢᠶᠠᠯᠠᠭ᠎ᠠ ᠵᠢᠨ ᠴᠠᠭ ᠠᠭᠤᠷ ᠤ᠋ᠨ ᠪᠠᠢᠳᠠᠯ ᠢ᠋ ᠲᠦᠰᠦᠭᠡᠯᠡᠬᠦ᠂ ᠭᠤᠤᠯᠳᠠᠯᠭ᠎ᠠ ᠲᠠᠢ ᠮᠡᠷᠭᠡᠵᠢᠯ ᠭᠤᠤᠯᠯᠠᠬᠤ ᠲᠥᠷᠥᠯ ᠵᠦᠶ᠋ᠯ ᠭᠤᠤᠯ ᠳᠡᠯᠭᠡᠷᠡᠭᠦᠯᠬᠦ᠌ ᠪᠣᠷᠲᠣᠭᠣᠷ ᠢ᠋ ᠨᠡᠢᠲᠡᠯᠡᠬᠦ᠂ ᠡᠪᠡᠳᠴᠢᠨ ᠬᠣᠷᠣᠬᠠᠶ ᠵᠢᠨ ᠬᠥᠨᠥᠭᠡᠯ ᠢ᠋ ᠰᠡᠷᠭᠡᠢᠯᠡᠬᠦ᠂ ᠮᠠᠯᠴᠢᠨ ᠲᠠᠷᠢᠶᠠᠴᠢᠳ ᠲᠦ᠍ ᠠᠱᠢᠭ ᠬᠦᠷᠲᠡᠭᠡᠬᠦ᠌ ᠲᠥᠷᠥ ᠵᠢᠨ ᠪᠣᠳᠣᠯᠭ᠎ᠠ ᠵᠢᠨ ᠲᠠᠢᠯᠤᠮᠵᠢ ᠬᠢᠬᠦ᠂ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠬᠡᠷᠡᠭ᠌ᠰᠡᠯ᠂ ᠲᠠᠷᠢᠶᠠᠯᠠᠩ ᠤ᠋ᠨ ᠮᠠᠱᠢᠨ ᠤ᠋ ᠦᠵᠡᠭᠦᠯᠭᠡ᠂ ᠮᠡᠷᠭᠡᠵᠢᠯ ᠤ᠋ᠨ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠵᠡᠷᠭᠡ ᠱᠢᠷᠢᠰ ᠠᠵᠢᠯᠯᠠᠭ᠎ᠠ ᠵᠢ ᠵᠡᠷᠭᠡ ᠪᠡᠷ ᠥᠷᠨᠢᠭᠦᠯᠵᠦ᠍᠂ 1000 ᠭᠠᠷᠤᠶ ᠮᠠᠯᠴᠢᠨ ᠲᠠᠷᠢᠶᠠᠴᠢᠨ ᠤᠷᠤᠯᠴᠠᠵᠠᠢ᠃

ᠪᠣᠯᠪᠠᠰᠤᠷᠠᠯ ᠤ᠋ᠨ ᠬᠤᠭᠤᠴᠠᠭᠠᠨ ᠳ᠋ᠦ ᠠᠢᠮᠠᠭ ᠬᠣᠲᠠ ᠬᠣᠱᠢᠭᠤ ᠱᠢᠶᠠᠨ ᠤ᠋ ᠲᠥᠯᠥᠭᠡᠯᠡᠭ᠌ᠴᠢᠳ ᠳᠤᠨ ᠤ᠋ ᠤᠨᠠᠯᠲᠠ ᠲᠠᠢ ᠠᠮᠤ ᠪᠤᠳᠠᠭᠠᠨ ᠤ᠋ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ᠂ ᠬᠦᠶ᠋ᠲᠡᠨ ᠰᠡᠷᠢᠭᠦᠨ ᠭᠠᠵᠠᠷ ᠤ᠋ᠨ ᠢᠳᠡᠱᠢᠨ ᠨᠣᠭᠣᠭ᠎ᠠ ᠵᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠂ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠢ᠋ ᠳᠡᠯᠭᠡᠷᠡᠭᠦᠯᠬᠦ᠌᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ᠂ ᠲᠠᠷᠢᠶᠠᠯᠠᠩ ᠤ᠋ᠨ ᠶᠠᠪᠤᠳᠠᠯ ᠤ᠋ᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ ᠤ᠋ᠨ ᠪᠥᠲᠥᠭᠡᠨ ᠪᠠᠢᠭᠤᠯᠤᠯᠲᠠ ᠵᠡᠷᠭᠡ 5 ᠶᠡᠬᠡ ᠭᠤᠤᠯᠳᠠᠯᠭ᠎ᠠ ᠲᠠᠶ ᠬᠦᠷᠢᠶ᠎ᠠ ᠴᠠᠷᠠᠭ᠎ᠠ ᠵᠢᠨ ᠲᠣᠭᠣᠷᠢᠨ ᠳ᠋ᠤ ᠲᠤᠷᠰᠢᠯᠭ᠎ᠠ ᠰᠤᠷᠭᠠᠮᠵᠢ ᠪᠠᠨ ᠰᠤᠯᠢᠯᠴᠠᠪᠠ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠲᠠᠷᠢᠮᠠᠯ ᠤ᠋ᠨ ᠦᠶ᠋ᠯᠡᠰ ᠤ᠋ᠨ ᠬᠠᠮᠢᠶᠠᠷᠤᠯᠲᠠ ᠵᠢᠨ ᠭᠠᠵᠠᠷ ᠡᠴᠡ ᠪᠠᠰᠠ 2026 ᠣᠨ ᠤ᠋ ᠲᠠᠷᠢᠮᠠᠯ ᠤ᠋ᠨ ᠦᠶ᠋ᠯᠡᠰ ᠤ᠋ᠨ ᠭᠤᠤᠯᠳᠠᠯᠭ᠎ᠠ ᠲᠠᠶ ᠠᠵᠢᠯ ᠤ᠋ᠨ ᠡᠭᠦᠷᠭᠡ ᠵᠢᠨ ᠨᠠᠷᠢᠨ ᠲᠠᠩᠰᠠ ᠳ᠋ᠤ ᠲᠠᠢᠯᠤᠮᠵᠢ ᠬᠢᠵᠦ᠍᠂ ᠪᠥᠬᠥ᠌ ᠵᠢᠯ ᠤ᠋ᠨ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ ᠡᠭᠦᠷᠭᠡ ᠵᠢ ᠴᠢᠨᠠᠷ ᠰᠠᠢᠲᠠᠶ ᠪᠡᠶᠡᠯᠡᠭᠦᠯᠬᠦ᠌᠎ᠳᠦ ᠰᠠᠭᠤᠷᠢ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号