ᠰᠤᠷᠭᠠᠨ ᠬᠥᠮᠦᠵᠢᠯ ᠎ᠢᠶᠡᠷ ᠣᠷᠣᠨ ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠭᠦᠨᠵᠡᠭᠡᠢᠷᠡᠭᠦᠯᠵᠦ ᠰᠤᠷᠭᠠᠨ ᠬᠥᠮᠦᠵᠢᠯ ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠬᠡᠭᠰᠢᠯᠡᠬᠦᠯᠦᠨ᠎ᠡ
2026-03-11 12:09:20
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠪᠤᠯᠤᠭᠰᠠᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠎ᠤ ᠰᠣᠨᠢᠨ ᠮᠡᠳᠡᠭᠡᠨ ᠎ᠦ ᠠᠯᠪᠠᠨ ᠭᠡᠷ ᠎ᠦᠨ ᠬᠤᠷᠠᠯᠳᠤᠭᠤᠯᠤᠭᠰᠠᠨ《〈1571〉 ᠵᠢᠨ ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ 》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠎ᠦᠨ ᠲᠢᠩᠬᠢᠮ 2026 ᠣᠨ᠎ᠤ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ ᠎ᠢ ᠳᠡᠭᠡᠭᠰᠢᠯᠡᠭᠦᠯᠬᠦ  《ᠨᠠᠷᠢᠨ ᠲᠠᠩᠰᠠ》  ᠵᠢ ᠨᠡᠢᠳᠡᠯᠡᠭᠰᠡᠨ ᠪᠠᠢᠨ᠎ᠠ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠤᠯᠤᠨ᠎ᠠ᠂ ᠮᠥᠨ ᠴᠦ᠍ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠬᠦᠴᠦᠨ᠎ᠢ ᠬᠤᠷᠠᠮᠳᠤᠭᠤᠯᠤᠨ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠨᠢᠭᠡ ᠵᠢᠯ ᠪᠣᠯᠣᠨ᠎ᠠ᠃ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢᠶᠡᠷ ᠭᠠᠷᠳᠠᠴᠠ ᠪᠣᠯᠭᠠᠵᠤ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠠᠩᠭᠠᠯᠭ᠎ᠠ᠎ᠶᠢ ᠥᠷᠭᠡᠳᠬᠡᠬᠦ᠂ ᠶᠣᠰᠣ᠌ ᠰᠤᠷᠳᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠥᠬᠥ ᠲᠠᠯ᠎ᠠ᠎ᠪᠠᠷ ᠬᠥᠮᠥᠵᠢᠭᠦᠯᠬᠦ ᠬᠥᠮᠥᠨ᠎ᠢ ᠬᠥᠮᠥᠵᠢᠭᠦᠯᠬᠦ ᠰᠢᠰᠲᠧᠮ᠎ᠢ ᠪᠠᠶ᠋ᠢᠭᠤᠯᠬᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠬᠦ᠂ ᠰᠢᠨᠵᠢᠯᠡᠭᠡᠨ᠎ᠦ ᠰᠠᠯᠠᠭ᠎ᠠ ᠎ᠶᠢᠨ ᠲᠤᠰᠬᠠᠢ ᠮᠡᠷᠭᠡᠵᠢᠯ ᠎ᠦᠨ ᠪᠦᠲᠦᠴᠡ᠎ᠶᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠠᠵᠢᠯ᠎ᠢ ᠬᠦᠴᠦᠯᠡᠨ ᠥᠷᠨᠢᠭᠦᠯᠵᠦ᠂ ᠠᠷᠠᠳ ᠣᠯᠠᠨ᠎ᠤ ᠰᠤᠷᠭᠠᠨ ᠬᠥᠮᠦᠵᠢᠯ ᠎ᠦᠨ ᠲᠤᠬᠠᠢ ᠬᠦᠷᠲᠡᠮᠵᠢ᠎ᠶᠢᠨ ᠲᠥᠷᠥᠭᠳᠡᠯ᠂ ᠬᠠᠨᠤᠮᠵᠢ᠎ᠶᠢᠨ ᠬᠡᠮᠵᠢᠶ᠎ᠡ᠎ᠶᠢ ᠴᠢᠷᠮᠠᠢᠨ ᠳᠡᠭᠡᠭᠰᠢᠯᠡᠭᠦᠯᠬᠦ ᠪᠤᠯᠤᠨ᠎ᠠ᠃

— ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠠᠩᠭᠠᠯᠭ᠎ᠠ᠎ᠶᠢ ᠥᠷᠭᠡᠳᠬᠡᠵᠦ᠂ ᠬᠡᠦᠬᠡᠳ᠎ᠦᠳ ᠎ᠢ ᠭᠡᠷ ᠤᠢᠷᠠᠯᠴᠠᠭ᠎ᠠ ᠰᠠᠢᠨ ᠰᠤᠷᠭᠠᠭᠤᠯᠢ᠎ᠳᠤ ᠰᠠᠭᠤᠯᠭᠠᠨ᠎ᠠ᠃ ᠬᠥᠮᠥᠨ ᠠᠮᠠ᠎ᠶᠢᠨ ᠬᠥᠭᠵᠢᠯᠲᠡ᠎ᠶᠢᠨ ᠰᠢᠨ᠎ᠡ ᠬᠠᠨᠳᠤᠰᠢ᠎ᠳᠤ ᠰᠠᠨᠠᠭᠠᠴᠢᠯᠠᠭ᠎ᠠ  ᠠ᠋ᠴᠠ᠎ᠪᠠᠨ ᠵᠣᠬᠢᠴᠠᠵᠤ᠂ ᠬᠥᠮᠥᠨ ᠠᠮᠠ᠎ᠶᠢᠨ ᠬᠤᠪᠢᠷᠠᠯᠲᠠ᠎ᠲᠠᠢ ᠵᠣᠬᠢᠴᠠᠯᠳᠤᠭᠰᠠᠨ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ᠎ᠶᠢ ᠪᠠᠢᠭᠤᠯᠤᠨ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ ᠎ᠦᠨ ᠴᠡᠴᠡᠷᠯᠢᠭ᠎ᠦᠨ ᠪᠦᠷᠬᠦᠴᠡ᠎ᠶᠢᠨ ᠨᠣᠷᠮ᠎ᠠ᠎ᠶᠢ 93% ᠠ᠋ᠴᠠ ᠳᠡᠭᠡᠭᠰᠢ ᠬᠦᠷᠦᠭᠦᠯᠬᠦ᠎ᠶᠢ ᠠᠬᠢᠭᠤᠯᠵᠤ᠂ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠶᠡᠬᠡ ᠠᠩᠬᠢ ᠵᠢᠨ ᠬᠡᠦᠬᠡᠳ ᠲᠤ᠌ ᠰᠦᠢᠳᠬᠡᠯ ᠬᠤᠷᠢᠶᠠᠬᠤ ᠦᠭᠡᠢ ᠎ᠪᠡᠷ ᠰᠤᠷᠭᠠᠨ ᠬᠥᠮᠥᠵᠢᠭᠦᠯᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠂ ᠰᠤᠷᠭᠠᠨ ᠬᠥᠮᠦᠵᠢᠯ᠎ᠢᠶᠡᠷ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ ᠪᠡᠷ ᠤᠯᠠᠨ ᠲᠦᠮᠡᠨ ᠳ᠋ᠤ ᠠᠰᠢᠭ ᠬᠦᠷᠳᠡᠬᠡᠨ᠎ᠡ᠃

ᠠᠯᠪᠠᠨ ᠵᠢᠷᠤᠮ ᠎ᠤᠨ ᠰᠤᠷᠭᠠᠨ ᠬᠥᠮᠦᠵᠢᠯ ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠯᠳᠡ ᠎ᠶᠢ ᠠᠬᠢᠭᠤᠯᠵᠤ᠂ ᠤᠯᠤᠰ᠎ᠤᠨ ᠰᠢᠶᠠᠨ ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠦᠭᠵᠢᠯᠳᠡ ᠵᠢᠨ ᠦᠨᠡᠯᠡᠨ ᠵᠢᠱ᠌ᠢᠯᠳᠡ ᠵᠢ ᠦᠩᠬᠡᠷᠡᠬᠦ ᠬᠣᠰᠢᠭᠤ ᠰᠢᠶᠠᠨ (ᠬᠣᠲᠠ᠂ ᠲᠣᠭᠣᠷᠢᠭ᠋) ᠎ᠢ᠋ 30᠎ᠪᠤᠯᠭᠠᠬᠤ᠎ᠪᠡᠷ ᠴᠢᠷᠮᠠᠢᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ ᠎ᠦᠨ ᠱᠠᠳᠤᠨ᠎ᠤ ᠰᠢᠯᠭᠠᠬᠤ ᠦᠭᠡᠢ᠎ᠪᠡᠷ ᠭᠡᠷ ᠣᠶ᠋ᠢᠷᠠᠯᠴᠠᠭ᠎ᠠ ᠰᠤᠷᠭᠠᠭᠤᠯᠢ᠎ᠳᠤ ᠤᠷᠤᠬᠤ᠂ ᠢᠯᠡ ᠎ᠪᠡᠷ ᠰᠣᠷᠣᠭ᠍ᠴᠢ ᠡᠯᠰᠡᠬᠦ᠂ ᠢᠯᠡ᠎ᠪᠡᠷ ᠠᠩᠭᠢ ᠬᠤᠪᠢᠶᠠᠬᠤ ᠲᠥᠷᠥ ᠵᠢᠨ ᠪᠣᠳᠣᠯᠭ᠎ᠠ ᠎ᠶᠢ ᠴᠢᠩᠭ᠎ᠠ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ ᠎ᠦᠨ ᠲᠦᠪ ᠭᠣᠥᠯᠴᠢ ᠪᠠᠢᠬᠤ ᠬᠢᠵᠠᠭᠠᠷ ᠱᠤᠭᠤᠮ᠎ᠢ ᠪᠠᠲᠤ ᠰᠠᠬᠢᠨ᠎ᠠ᠃ ᠰᠢᠶᠠᠨ ᠎ᠤ ᠬᠡᠪᠴᠢᠶᠡᠨ ᠎ᠦ ᠡᠩ ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠎ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠎ᠶᠢ ᠬᠡᠷᠡᠭᠵᠢᠭᠦᠯᠵᠦ᠂ ᠰᠤᠷᠤᠭᠴᠢ ᠡᠯᠰᠡᠬᠦ ᠤᠷᠤᠨ ᠳᠤᠭ᠎ᠠ ᠵᠢ 5000 ᠨᠡᠮᠡᠭᠳᠡᠭᠦᠯᠦᠨ᠂ 《ᠴᠢᠨᠠᠷ ᠰᠠᠢᠲᠠᠢ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠎ᠳᠤ ᠣᠷᠣᠬᠤ ᠎ᠳᠤ ᠬᠦᠴᠢᠷᠲᠡᠢ》 ᠪᠠᠢᠬᠤ ᠠᠰᠠᠭᠤᠳᠠᠯ᠎ᠢ ᠦᠨᠡᠨ ᠬᠦ᠌ ᠨᠠᠮᠳᠠᠭᠤᠯᠤᠨ᠎ᠠ᠃ ᠪᠠᠭ᠍ᠰᠢ ᠵᠢᠨ ᠡᠩᠨᠡᠭᠡ᠎ᠶᠢᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠎ᠤ ᠲᠠᠰ ᠎ᠤᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠢ 5000 ᠬᠥᠮᠥᠨ ᠤᠳᠠᠭ᠎ᠠ ᠲᠠᠰ ᠲᠥᠷᠥᠯ ᠬᠤᠪᠢᠶᠠᠨ ᠥᠷᠨᠢᠭᠦᠯᠵᠦ᠂ ᠪᠠᠭ᠍ᠰᠢ᠎ᠶᠢᠨ ᠡᠩᠨᠡᠭᠡ᠎ᠶᠢᠨ ᠪᠦᠬᠦᠯᠢ ᠴᠣᠭᠴᠠ ᠎ᠶᠢᠨ ᠬᠡᠪ ᠴᠢᠨᠠᠷ ᠎ᠤᠨ ᠳᠡᠭᠡᠭᠰᠢᠯᠡᠯᠲᠡ᠎ᠶᠢ ᠬᠦᠳᠦᠯᠦᠨ ᠳᠠᠶ᠋ᠢᠴᠢᠯᠠᠨ᠎ᠠ᠃

 — ᠶᠣᠰᠣ᠌ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠮᠥᠵᠢᠭᠦᠯᠬᠦ ᠬᠥᠮᠥᠨ᠎ᠢ ᠬᠥᠮᠥᠵᠢᠭᠦᠯᠬᠦ ᠰᠢᠰᠲᠧᠮ᠎ᠢ ᠪᠠᠢᠭᠤᠯᠵᠤ᠂ ᠬᠡᠦᠬᠡᠳ᠎ᠢ ᠪᠦᠬᠦ ᠲᠠᠯ᠎ᠠ᠎ᠪᠠᠷ ᠡᠷᠡᠭᠦᠯ ᠮᠡᠨᠳᠤ ᠪᠣᠢᠵᠢᠭᠤᠯᠤᠨ᠎ᠠ᠃ ᠡᠷᠡᠭᠦᠯ ᠮᠡᠨᠳᠦ ᠰᠤᠷᠭᠠᠭᠤᠯᠢ ᠎ᠶᠢᠨ ᠪᠠᠢᠭᠤᠯᠤᠯᠲᠠ ᠎ᠪᠠᠷ ᠭᠠᠷᠳᠠᠴᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠡᠳᠦᠷ ᠪᠦᠷᠢ᠎ᠶᠢᠨ 2 ᠴᠠᠭ᠎ᠤᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠂ ᠬᠢᠴᠢᠶᠡᠯ᠎ᠦᠨ ᠵᠠᠪᠰᠠᠷᠯᠠᠭ᠎ᠠ᠎ᠶᠢᠨ 15 ᠮᠢᠨᠦ᠋ᠲ᠎ᠦᠨ ᠬᠥᠳᠡᠯᠭᠡᠭᠡᠨ᠎ᠦ ᠬᠠᠲᠠᠭᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠬᠡᠦᠬᠡᠳ᠎ᠦᠳ᠎ᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠳᠤᠮᠳᠠ ᠪᠡᠶ᠎ᠡ ᠮᠠᠬᠠᠪᠤᠳ᠎ᠢ ᠨᠢ ᠴᠢᠭᠢᠷᠠᠭᠵᠢᠭᠤᠯᠵᠤ ᠪᠠᠶᠠᠷ ᠪᠠᠶᠠᠰᠤᠯ᠎ᠲᠠᠢ ᠪᠤᠢᠵᠢᠭᠤᠯᠤᠨ᠎ᠠ᠃ 《ᠰᠣᠷᠣᠭ᠍ᠴᠢ᠎ᠶᠢᠨ ᠤᠤᠭᠤᠬᠤ ᠰᠦ᠎ᠶᠢᠨ ᠲᠥᠯᠥᠪᠯᠡᠭᠡ》 ᠵᠢᠨ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ ᠶᠠᠳᠠᠭᠤ ᠠ᠋ᠴᠠ ᠠᠩᠭᠢᠵᠢᠷᠠᠭᠤᠯᠤᠭᠰᠠᠨ ᠪᠤᠭᠤᠮᠳᠠ ᠰᠢᠪᠲᠤᠯᠤᠯᠲᠠ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠬᠣᠰᠢᠭᠤ ᠰᠢᠶᠠᠨ ᠎ᠤ 78.03 ᠲᠦᠮᠡ ᠭᠠᠷᠤᠢ ᠰᠤᠷᠭᠠᠭᠤᠯᠢ᠎ᠳᠤ ᠪᠠᠢᠭ᠎ᠠ ᠪᠠᠭ᠎ᠠ ᠰᠤᠷᠭᠠᠭᠤᠯᠢ ᠎ᠶᠢᠨ ᠰᠣᠷᠣᠭ᠍ᠴᠢ ᠪᠠ ᠴᠡᠴᠡᠷᠯᠢᠭ᠎ᠲᠦ ᠪᠠᠢᠭ᠎ᠠ ᠬᠡᠦᠬᠡᠳ᠎ᠲᠦ ᠡᠳᠦᠷ ᠪᠦᠷᠢ ᠰᠦᠢᠳᠬᠡᠯ ᠬᠤᠷᠢᠶᠠᠬᠤ ᠦᠭᠡᠢ᠎ᠪᠡᠷ 《ᠨᠢᠭᠡ ᠴᠣᠮᠣ᠌ ᠰᠦ》 ᠬᠠᠩᠭᠠᠵᠤ᠂ ᠬᠡᠦᠬᠡᠳ᠎ᠦᠨ ᠪᠡᠶ᠎ᠡ ᠮᠠᠬᠠᠪᠤᠳ᠎ᠢ ᠴᠢᠭᠢᠷᠠᠭᠵᠢᠭᠤᠯᠬᠤ᠂ ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠨ᠎ᠡ᠃ ᠵᠠᠯᠠᠭᠤᠴᠤᠳ ᠪᠠᠭᠠᠴᠤᠳ᠎ᠤᠨ ᠰᠡᠳᠬᠢᠴᠡ᠎ᠶᠢᠨ ᠡᠷᠡᠭᠦᠯ ᠮᠡᠨᠳᠤ᠎ᠶᠢᠨ ᠠᠰᠠᠭᠤᠳᠠᠯ᠎ᠳᠤ ᠴᠢᠭᠯᠡᠭᠦᠯᠦᠨ᠂ ᠰᠡᠳᠬᠢᠴᠡ᠎ᠶᠢᠨ ᠡᠷᠡᠭᠦᠯ ᠮᠡᠨᠳᠤ᠎ᠶᠢ ᠰᠢᠭ᠌ᠰᠢᠨ ᠪᠠᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠨᠥᠯᠥᠭᠡᠯᠡᠬᠦ᠎ᠶᠢ ᠳᠡᠮᠵᠢᠬᠦ ᠰᠢᠰᠲᠧᠮ ᠎ᠢ ᠪᠦᠷᠢᠨᠰᠢᠭᠦᠯᠵᠦ᠂ ᠴᠠᠭ ᠲᠤᠬᠠᠢ ᠳ᠋ᠤᠨᠢ ᠬᠡᠦᠬᠡᠳ᠎ᠲᠦ ᠰᠡᠳᠬᠢᠴᠡ᠎ᠶᠢᠨ ᠵᠢᠯᠣᠭᠣᠳᠤᠯᠭ᠎ᠠ ᠪᠠ ᠬᠠᠪᠰᠤᠷᠤᠯᠭ᠎ᠠ ᠬᠠᠩᠭᠠᠨ᠎ᠠ᠃ ᠡᠷᠬᠢᠮᠰᠦᠭ ᠤᠷᠠᠯᠢᠭ᠋᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠠᠬᠢᠭᠤᠯᠵᠤ᠂ ᠬᠥᠳᠡᠯᠮᠦᠷᠢ᠎ᠶᠢᠨ ᠳᠠᠳᠬᠠᠯ᠎ᠢ ᠪᠤᠢ ᠪᠣᠯᠭᠠᠬᠤ ᠲᠥᠯᠥᠪᠯᠡᠭᠡ᠎ᠶᠢ ᠬᠡᠷᠡᠭᠵᠢᠭᠦᠯᠦᠨ᠂ ᠰᠢᠨᠵᠢᠯᠡᠬᠦ ᠤᠬᠠᠭᠠᠨ᠎ᠤ ᠬᠥᠮᠦᠵᠢᠯ ᠪᠠ ᠤᠩᠰᠢᠯᠭ᠎ᠠ᠎ᠶᠢᠨ ᠬᠡᠪ ᠪᠣᠯᠪᠠᠰᠤᠷᠠᠯ᠎ᠤᠨ ᠬᠥᠮᠦᠵᠢᠯ᠎ᠢ ᠴᠢᠩᠭᠠᠳᠬᠠᠵᠤ᠂ ᠪᠦᠬᠦ ᠲᠠᠯ᠎ᠠ᠎ᠪᠠᠷ ᠬᠥᠭᠵᠢᠭᠰᠡᠨ ᠴᠠᠭ ᠦᠶ᠎ᠡ᠎ᠶᠢᠨ ᠰᠢᠨ᠎ᠡ ᠬᠥᠮᠥᠨ᠎ᠢ ᠴᠢᠷᠮᠠᠢᠨ ᠬᠥᠮᠥᠵᠢᠭᠦᠯᠦᠨ᠎ᠡ᠃

 —  ᠰᠤᠷᠭᠠᠭᠤᠯᠢ᠎ᠶᠢᠨ ᠬᠦᠷᠢᠶᠡᠨ ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠬᠡᠦᠬᠡᠳ᠎ᠢ  ᠰᠠᠨᠠᠭ᠎ᠠ ᠠᠮᠤᠷ᠂ ᠭᠡᠷ ᠎ᠦᠨ ᠠᠬᠠᠮᠠᠳ᠎ᠢ ᠰᠠᠨᠠᠭ᠎ᠠ ᠠᠮᠤᠷ ᠪᠠᠢᠯᠭᠠᠨ᠎ᠠ᠃ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠭᠤᠯᠢ᠎ᠶᠢᠨ ᠠᠮᠤᠷ ᠲᠦᠪᠰᠢᠨ᠎ᠦ ᠳᠦᠷᠢᠮ》  ᠤ᠋ᠨ ᠬᠠᠤᠯᠢ ᠲᠣᠭᠲᠠᠭᠠᠬᠤ ᠵᠢ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠰᠠᠨᠠᠭᠠᠨ᠎ᠳᠤ ᠦᠭᠡᠢ ᠬᠡᠮᠳᠦᠯ ᠰᠢᠷᠬᠠᠲᠤᠯ᠎ᠤᠨ ᠬᠠᠷᠢᠭᠤᠴᠠᠯᠭ᠎ᠠ᠎ᠶᠢᠨ ᠳᠠᠭᠠᠳᠬᠠᠯ᠎ᠢ ᠨᠢᠭᠡᠳᠦᠯᠲᠡᠢ ᠲᠥᠯᠥᠪᠯᠡᠬᠦ ᠪᠠᠲᠤᠯᠠᠭ᠎ᠠ᠎ᠶᠢᠨ ᠳᠦᠷᠢᠮ᠎ᠢ ᠪᠠᠢᠭᠤᠯᠵᠤ᠂ ᠰᠤᠷᠤᠭ᠍ᠴᠢᠳ᠎ᠤᠨ ᠰᠠᠨᠠᠭᠠᠨ᠎ᠳᠤ ᠦᠭᠡᠢ ᠭᠡᠮᠳᠦᠯ ᠰᠢᠷᠬᠠᠲᠤᠯ᠎ᠤᠨ ᠳᠠᠭᠠᠳᠬᠠᠯ᠎ᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ᠎ᠡᠴᠡ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ ᠬᠦᠷᠲᠡᠯ᠎ᠡ ᠥᠷᠭᠡᠳᠬᠡᠵᠦ᠂ ᠵᠠᠷᠤᠳᠠᠯ᠎ᠤᠨ ᠣᠷᠣᠭᠤᠯᠤᠯᠲᠠ᠎ᠶᠢ ᠳᠠᠬᠢᠨ᠎ᠢᠶᠠᠷ ᠨᠡᠮᠡᠭᠳᠡᠭᠦᠯᠦᠨ᠂ ᠵᠠᠷᠤᠳᠠᠯ᠎ᠤᠨ ᠪᠥᠬᠥ ᠲᠣᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠦᠨ ᠵᠠᠰᠠᠭ  ᠠ᠋ᠴᠠ ᠡᠭᠦᠷᠭᠡᠯᠡᠨ᠎ᠡ᠃ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠬᠥᠮᠥᠨ᠎ᠢᠶᠡᠷ ᠰᠡᠷᠭᠡᠢᠯᠡᠬᠦ᠂ ᠪᠣᠳᠠᠰ᠎ᠢᠶᠠᠷ ᠰᠡᠷᠭᠡᠢᠯᠡᠬᠦ᠂ ᠮᠡᠷᠭᠡᠵᠢᠯ᠎ᠢᠶᠡᠷ ᠰᠡᠷᠭᠡᠢᠯᠡᠬᠦ ᠠᠮᠤᠷ ᠲᠦᠪᠰᠢᠨ᠎ᠦ ᠰᠢᠰᠲ᠋ᠧᠮ᠎ᠢ ᠴᠢᠨᠠᠭᠰᠢᠳᠠ ᠲᠡᠭᠦᠯᠳᠡᠷᠵᠢᠭᠦᠯᠵᠦ᠂ ᠰᠤᠷᠭᠠᠭᠤᠯᠢ᠎ᠶᠢᠨ ᠬᠦᠷᠢᠶᠡᠨ ᠎ᠦ ᠬᠦᠴᠦᠷᠬᠡᠭᠯᠡᠯ᠂ ᠰᠤᠷᠤᠭ᠍ᠴᠢᠳ᠎ᠤᠨ ᠳᠣᠷᠣᠮᠵᠢᠯᠠᠯ ᠎ᠢ ᠴᠢᠩᠭ᠎ᠠ ᠰᠡᠷᠭᠡᠢᠯᠡᠨ ᠵᠠᠰᠠᠵᠤ᠂ ᠬᠡᠦᠬᠡᠳ᠎ᠦᠨ ᠰᠤᠷᠭᠠᠭᠤᠯᠢ᠎ᠶᠢᠨ ᠬᠦᠷᠢᠶᠡᠨ ᠎ᠦ ᠠᠮᠤᠷ ᠲᠦᠪᠰᠢᠨ᠎ᠢ ᠪᠦᠬᠦ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠨ᠎ᠠ᠃ ᠤᠰᠤᠨ ᠎ᠳᠤ ᠴᠠᠴᠠᠬᠤ᠎ᠶᠢ ᠰᠡᠷᠭᠡᠢᠯᠡᠬᠦ᠂ ᠵᠠᠮ ᠬᠠᠷᠢᠯᠴᠠᠭᠠᠨ᠎ᠤ ᠠᠮᠤᠷ ᠲᠦᠪᠰᠢᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ᠎ᠦ ᠠᠷᠢᠭᠤᠨ ᠴᠡᠪᠡᠷ ᠵᠡᠷᠭᠡ᠎ᠪᠡᠷ ᠭᠣᠣᠯᠳᠠᠯᠭ᠎ᠠ ᠪᠣᠯᠭᠠᠭᠰᠠᠨ ᠠᠮᠢ ᠨᠠᠰᠤᠨ᠎ᠤ ᠠᠮᠤᠷ ᠲᠦᠪᠰᠢᠨ᠎ᠦ ᠬᠥᠮᠦᠵᠢᠯ ᠪᠠ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠦᠷᠭᠦᠯᠵᠢᠯᠡᠨ ᠥᠷᠨᠢᠭᠦᠯᠵᠦ ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠠ ᠪᠠᠴᠢᠮ ᠪᠠᠢᠳᠠᠯ ᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠎ᠵᠢ ᠦᠨᠡᠨ᠎ᠬᠦ ᠳᠡᠭᠡᠭᠰᠢᠯᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ 《 ᠬᠠᠮᠠᠭᠠᠯᠠᠯᠲᠠ᠎ᠶᠢᠨ ᠲᠣᠣᠷ 》 ᠎ᠢ᠋ ᠪᠡᠬᠢᠵᠢᠭᠦᠯᠦᠨ᠎ᠡ᠃


QQ20260311-120607.png

 

          ᠲᠠᠮᠢᠷ ᠎ᠤᠨ ᠭᠦᠳᠡᠯᠭᠡᠭᠡᠨ 


— ᠰᠢᠨᠵᠢᠯᠡᠭᠡᠨ ᠎ᠦ ᠰᠠᠯᠠᠭ᠎ᠠ᠎ᠶᠢᠨ ᠲᠤᠰᠬᠠᠢ ᠮᠡᠷᠭᠡᠵᠢᠯ ᠎ᠦᠨ ᠪᠦᠲᠦᠴᠡ᠎ᠶᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ᠎ᠦᠨ ᠬᠥᠭᠵᠢᠯᠲᠡ ᠪᠠ ᠲᠡᠭᠦᠰᠬᠦ ᠰᠤᠷᠤᠭ᠍ᠴᠢᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠨ᠎ᠡ᠃ ᠰᠦ᠎ᠶᠢᠨ ᠦᠢᠯᠡᠰ᠂ ᠬᠣᠪᠣᠷ ᠰᠢᠷᠣᠢ᠂ ᠡᠨᠧᠷᠭᠢ ᠵᠡᠷᠭᠡ ᠳᠠᠪᠠᠭᠤᠯᠢᠭ᠋ ᠠᠵᠤ ᠦᠢᠯᠡᠰ᠎ᠦᠨ ᠲᠠᠰ ᠳᠡᠪᠰᠢᠬᠦ ᠵᠢᠴᠢ ᠵᠣᠬᠢᠶᠠᠮᠠᠯ ᠣᠶᠤᠨ ᠴᠢᠳᠠᠪᠤᠷᠢ᠂ ᠤᠢᠷ᠎ᠠ ᠤᠭᠳᠠᠷᠭᠤᠢ ᠵᠢᠨ ᠠᠵᠤ ᠠᠬᠤᠢ᠂ ᠠᠮᠢᠳᠤ ᠪᠣᠳᠠᠰ ᠎ᠤᠨ ᠮᠡᠷᠭᠡᠵᠢᠯ ᠵᠡᠷᠭᠡ ᠰᠢᠨ᠎ᠡ᠎ᠪᠡᠷ ᠪᠣᠶ ᠪᠣᠯᠤᠭᠰᠠᠨ ᠠᠵᠤ ᠦᠢᠯᠡᠰ᠎ᠦᠨ ᠬᠥᠭᠵᠢᠯᠲᠡ᠎ᠶᠢᠨ ᠴᠢᠭᠯᠡᠯ᠎ᠲᠠᠢ ᠨᠢᠭ᠍ᠲᠠ ᠵᠣᠯᠭᠠᠭᠤᠯᠵᠤ᠂ ᠪᠠᠴᠢᠮ ᠬᠡᠷᠡᠭᠰᠡᠬᠦ ᠪᠠ ᠳᠤᠲᠠᠭᠳᠠᠵᠤ ᠪᠠᠢᠭ᠎ᠠ ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢᠨ ᠡᠷᠴᠢᠮ᠎ᠢ ᠴᠢᠩᠭᠠᠷᠠᠭᠤᠯᠤᠨ᠂ ᠪᠠᠢᠭᠠᠯᠢ ᠲᠧᠭᠨᠢᠭ ᠎ᠦᠨ ᠤᠬᠠᠭᠠᠨ ᠲᠠᠷᠢᠶᠠᠯᠠᠩ ᠠᠨᠠᠭᠠᠬᠤ ᠤᠬᠠᠭᠠᠨ᠎ᠤ ᠲᠥᠷᠥᠯ᠎ᠦᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ᠎ᠢ 52%  ᠠ᠋ᠴᠠ ᠳᠡᠭᠡᠭᠰᠢ ᠬᠦᠷᠭᠡᠬᠦ ᠎ᠪᠡᠷ ᠴᠢᠷᠮᠠᠢᠵᠤ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠲᠤᠰᠬᠠᠢ ᠮᠡᠷᠭᠡᠵᠢᠯ ᠬᠢᠭᠡᠳ ᠣᠷᠣᠨ ᠪᠦᠰᠡ᠎ᠶᠢᠨ ᠠᠵᠤ ᠦᠢᠯᠡᠰ ᠎ᠤᠨ  ᠵᠣᠬᠢᠴᠠᠯᠳᠤᠬᠤ ᠬᠡᠮᠵᠢᠶ᠎ᠡ᠎ᠶᠢ 80%  ᠠ᠋ᠴᠠ ᠳᠡᠭᠡᠭᠰᠢ᠎ᠳᠦ ᠲᠣᠭᠲᠠᠭᠤᠨ ᠪᠠᠢᠯᠭᠠᠨ᠎ᠠ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭ᠍ᠴᠢᠳ᠎ᠤᠨ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠠᠵᠢᠯ ᠣᠯᠬᠤ ᠎ᠳᠤ ᠬᠦᠴᠢᠷᠲᠡᠢ ᠬᠦᠮᠦᠰ ᠎ᠢ ᠬᠠᠪᠰᠤᠷᠤᠨ ᠲᠡᠳᠬᠦᠬᠦ ᠡᠷᠴᠢᠮ ᠎ᠢ ᠭᠣᠣᠯᠳᠠᠯᠭ᠎ᠠ᠎ᠲᠠᠢ ᠴᠢᠩᠭᠠᠳᠬᠠᠵᠤ᠂ 2026 ᠤᠨ ᠳ᠋ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭ᠍ᠴᠢᠳ᠎ᠤᠨ ᠠᠵᠢᠯ ᠣᠯᠭᠣᠯᠲᠠ᠎ᠶᠢᠨ ᠪᠠᠢᠳᠠᠯ᠎ᠢ ᠦᠨᠳᠦᠰᠦᠨ᠎ᠳᠡᠭᠡᠨ ᠲᠣᠭᠲᠠᠭᠤᠨ ᠪᠠᠢᠯᠭᠠᠬᠤ᠎ᠶᠢ ᠦᠨᠡᠨ ᠬᠦ᠌ ᠪᠠᠲᠤᠯᠠᠨ᠎ᠠ᠃ ᠠᠵᠢᠯ ᠮᠡᠷᠭᠡᠵᠢᠯ᠎ᠦᠨ ᠶᠡᠬᠡ ᠳᠡᠭᠡᠳᠦ ᠰᠤᠷᠭᠠᠭᠤᠯᠢ᠎ᠳᠤ ᠲᠦᠰᠢᠭᠯᠡᠨ᠂ ᠠᠵᠤ ᠦᠢᠯᠡᠰ᠎ᠦᠨ ᠠᠵᠢᠯᠴᠢᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠲᠤ᠌ ᠬᠠᠨᠳᠤᠭᠤᠯᠤᠨ 10 ᠲᠦᠮᠡᠨ ᠬᠥᠮᠥᠨ ᠤᠳᠠᠭ᠎ᠠ ᠠ᠋ᠴᠠ ᠳᠡᠭᠡᠭᠰᠢ ᠠᠵᠢᠯ ᠮᠡᠷᠭᠡᠵᠢᠯ ᠎ᠦᠨ ᠪᠣᠯᠪᠠᠰᠤᠷᠠᠯ᠎ᠬᠦᠷᠳᠡᠬᠡᠵᠦ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ ᠎ᠶᠢ ᠨᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠎ᠢ ᠬᠥᠭᠵᠢᠯᠲᠡ᠎ᠳ᠋ᠤ ᠬᠦᠴᠦᠨ ᠣᠯᠭᠣᠬᠤ᠂ ᠠᠵᠢᠯ ᠣᠯᠭᠣᠯᠲᠠ᠎ᠳᠤ ᠬᠦᠴᠦᠨ ᠨᠡᠮᠡᠷᠢᠯᠡᠬᠦ ᠴᠢᠬᠤᠯᠠ ᠲᠤᠯᠭᠠᠭᠤᠷᠢᠯᠠᠯ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号