3 ᠰᠠᠷ᠎ᠠ᠎ᠶᠢᠨ 9᠎ᠦ ᠡᠳᠦᠷ᠂ ᠥᠪᠥᠷ ᠮᠣᠩᠭᠣᠯ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《ᠰᠦᠯᠵᠢᠶᠡᠨ ᠳᠡᠭᠡᠷ᠎ᠡ ᠢᠯᠡ᠎ᠪᠡᠷ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯᠯᠠᠭ᠎ᠠ ᠥᠷᠨᠢᠭᠦᠯᠬᠦ
ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ
ᠠᠯᠪᠠᠨ ᠵᠠᠷᠯᠠᠯ 》 ᠨᠡᠢᠲᠡᠯᠡᠪᠡ᠃
ᠠᠯᠪᠠᠨ ᠵᠠᠷᠯᠠᠯ ᠳ᠋ᠤ᠂ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ ᠦ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠳᠠᠭᠠᠳᠬᠠᠯ
ᠳᠤ ᠣᠷᠣᠯᠴᠠᠭᠰᠠᠨ ᠣᠯᠠᠨ ᠲᠦᠮᠡᠨ᠂ ᠡᠯ᠎ᠡ ᠲᠣᠭᠲᠠᠭᠰᠠᠨ ᠴᠡᠭ ᠤ᠋ᠨ ᠡᠮ ᠡᠮᠨᠡᠯᠭᠡ ᠵᠢᠨ ᠪᠠᠢᠭᠤᠯᠤᠮᠵᠢ ᠡᠴᠡ
ᠰᠦᠯᠵᠢᠶᠡᠨ ᠳᠡᠭᠡᠷ᠎ᠡ ᠢᠯᠡ᠎ᠪᠡᠷ ᠰᠠᠨᠠᠯ ᠰᠠᠨᠠᠭᠤᠯᠭ᠎ᠠ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂
ᠡᠮᠴᠢᠯᠡᠭᠡᠨ᠎ᠤ ᠪᠠᠲᠤᠯᠠᠭ᠎ᠠ᠎ᠶᠢᠨ ᠬᠦᠷᠢᠶᠡᠨ᠎ᠳᠡᠬᠢ ᠣᠯᠠᠨ ᠲᠦᠮᠡᠨ᠎ᠦ ᠪᠠᠴᠢᠮᠳᠠᠵᠥ ᠳᠦᠪᠡᠭᠳᠡᠵᠥ
ᠵᠤᠪᠠᠨᠢᠵᠥ ᠬᠦᠰᠡᠵᠥ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠨ᠎ᠡ ᠬᠡᠵᠤ ᠳᠤᠳᠤᠷᠬᠠᠢᠯᠠᠪᠠ᠃
ᠰᠠᠨᠠᠯ ᠰᠠᠨᠠᠭᠤᠯᠭ᠎ᠠ ᠴᠤᠭᠯᠠᠭᠤᠯᠬᠤ
ᠴᠠᠭ᠄
3 ᠰᠠᠷ᠎ᠠ ᠵᠢᠨ 9᠎ᠤ ᠡᠳᠤᠷ ᠡᠴᠡ 4 ᠰᠠᠷ᠎ᠠ
ᠵᠢᠨ 30᠎ᠤ ᠡᠳᠤᠷ ᠪᠤᠯᠳᠠᠯ᠎ᠠ
ᠰᠠᠨᠠᠯ
ᠰᠠᠨᠠᠭᠤᠯᠭ᠎ᠠ ᠴᠤᠭᠯᠠᠭᠤᠯᠬᠤ ᠠᠭᠤᠯᠭ᠎ᠠ᠄
ᠬᠠᠷᠠᠭᠠᠯᠵᠠᠯ᠎ᠤᠨ ᠲᠥᠷᠥ᠎ᠶᠢᠨ
ᠪᠣᠳᠣᠯᠭ᠎ᠠ᠂ ᠡᠮ ᠡᠮᠨᠡᠯᠭᠡ ᠵᠢᠨ ᠳᠠᠭᠠᠳᠬᠠᠯ᠎ᠤᠨ ᠭᠠᠷᠲᠠᠨ ᠭᠦᠢᠴᠡᠳᠬᠡᠬᠦ ᠦᠢᠯᠡᠴᠢᠯᠡᠭᠡ᠂ ᠡᠮ ᠡᠮᠨᠡᠯᠭᠡ᠎ᠶᠢᠨ
ᠳᠠᠭᠠᠳᠬᠠᠯ᠎ᠤᠨ ᠲᠣᠭᠠᠴᠠᠭ᠎ᠠ ᠬᠢᠬᠦ ᠠᠷᠭ᠎ᠠ ᠮᠠᠶᠢᠭ᠋᠎ᠤᠨ ᠥᠭᠡᠷᠡᠴᠢᠯᠡᠯᠲᠡ᠂ ᠡᠮ᠎ᠦᠨ ᠵᠦᠢᠯᠡᠰ ᠪᠠ ᠬᠣᠷᠣᠭᠳᠠᠯ
ᠮᠠᠲᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢᠨ
ᠬᠢᠨᠠᠯᠲᠠ ᠬᠠᠮᠢᠶᠠᠷᠤᠯᠲᠠ᠂ ᠣᠨᠳᠣᠣ ᠭᠠᠵᠠᠷ᠎ᠲᠤ ᠡᠮᠨᠡᠭᠦᠯᠬᠦ ᠦᠢᠯᠡᠴᠢᠯᠡᠭᠡ ᠵᠡᠷᠭᠡ ᠲᠠᠯ᠎ᠠ᠎ᠶᠢᠨ ᠰᠠᠨᠠᠯ ᠰᠠᠨᠠᠭᠤᠯᠭ᠎ᠠ
ᠵᠢ ᠪᠠᠬᠳᠠᠭᠠᠬᠤ ᠪᠦᠬᠡᠳ ᠡᠬᠦᠨ᠎ᠳᠤ ᠬᠢᠵᠠᠭᠠᠷᠯᠠᠭᠳᠠᠬᠤ ᠦᠭᠡᠢ᠃
ᠰᠠᠨᠠᠯ
ᠰᠠᠨᠠᠭᠤᠯᠭ᠎ᠠ᠎ᠪᠠᠨ ᠳᠡᠪᠰᠢᠭᠦᠯᠵᠦ ᠠᠷᠭ᠎ᠠ ᠮᠠᠶᠢᠭ᠋᠄
1. ᠢᠮᠸᠯ᠄ ybkmt2026@126.com ᠃
2. 《ᠥᠪᠥᠷ ᠮᠣᠩᠭᠣᠯ᠎ᠤᠨ ᠡᠮᠴᠢᠯᠡᠭᠡᠨ᠎ᠦ ᠪᠠᠲᠤᠯᠠᠭ᠎ᠠ》 ᠵᠢᠨ ᠵᠢᠷᠬᠢᠶ᠎ᠡ ᠵᠢᠨ ᠤᠯᠠᠨ ᠨᠡᠶ᠋ᠢᠲᠡ᠎ᠶᠢᠨ ᠳᠠᠪᠴᠠᠡᠭ ᠳ᠋ᠤ ᠨᠡᠢᠳᠡᠯᠡᠭᠰᠡᠨ ᠳᠤᠰ ᠠᠯᠪᠠᠨ
ᠵᠠᠷᠯᠠᠯ᠎ᠤᠨ ᠳᠣᠣᠷ᠎ᠠ ᠦᠭᠡ ᠦᠯᠡᠳᠡᠭᠡᠵᠦ ᠬᠠᠷᠢᠭᠤ ᠲᠤᠰᠬᠠᠵᠤ ᠪᠣᠯᠣᠨ᠎ᠠ ᠃
3. ᠵᠠᠬᠢᠳᠠᠯ ᠢᠯᠡᠭᠡᠬᠦ ᠬᠠᠶᠢᠭ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠰᠢᠨᠬᠤᠸᠠ
ᠶᠡᠬᠡ ᠵᠡᠭᠡᠯᠢ᠎ᠶᠢᠨ 167 ᠳ᠋ᠤᠭᠠᠷ ᠨᠣᠮᠧᠷ ᠬᠥᠳᠡᠯᠮᠦᠷᠢ
ᠬᠦᠴᠦᠨ᠎ᠦ ᠲᠣᠮᠣ᠌ ᠠᠰᠠᠷ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ
603 ᠥᠷᠥᠭᠡ᠂ ᠰᠢᠤᠳᠠᠨ᠎ᠤ ᠳ᠋ᠤᠭᠠᠷ᠄ 010010᠂ ᠵᠠᠬᠢᠳᠠᠯ᠎ᠤᠨ ᠳᠤᠭᠳᠤᠢ ᠳᠡᠭᠡᠷ᠎ᠡ ᠪᠠᠨ《ᠴᠤᠬᠯᠠᠭᠤᠯᠬᠤ ᠰᠠᠨᠠᠯ》 ᠭᠡᠵᠥ ᠲᠣᠳᠣᠷᠬᠠᠢᠯᠠᠭᠠᠷᠠᠢ᠃
ᠢᠷᠡᠯᠲᠡ᠄ ᠥᠪᠦᠷ ᠮᠤᠨᠭᠭᠤᠯ᠎ᠤᠨ ᠡᠮᠴᠢᠯᠡᠭᠡᠨ᠎ᠦ ᠪᠠᠲᠤᠯᠠᠭ᠎ᠠ ᠶᠢᠨ ᠲᠣᠪᠴᠢᠶ᠎ᠠ