ᠡᠳᠡᠭᠡᠷ ᠭᠠᠵᠠᠷ ᠣᠷᠣᠨ ᠤᠯᠤᠰ ᠎ᠤᠨ ᠲᠠᠰ᠎ᠤᠨ ᠢᠷᠠᠭᠤ ᠠᠯᠳᠠᠷ᠎ᠢ ᠭᠥᠷᠳᠡᠪᠡ
2026-03-11 11:43:59
ᠵᠣᠬᠢᠶᠠᠭ᠍ᠴᠢ᠄
ᠭᠤᠤ ᠬᠤᠢ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠵᠠᠮ ᠲᠡᠭᠡᠭᠡᠪᠦᠷᠢ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭᠠᠯᠠᠯᠲᠠ᠎ᠶᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠲᠤᠷᠰᠢᠯᠲᠠ᠎ᠶᠢᠨ ᠰᠢᠯᠭᠠᠨ ᠬᠤᠷᠢᠶᠠᠭᠰᠠᠨ ᠦᠷ᠎ᠡ ᠳ᠋ᠦᠩ᠎ᠢ ᠨᠡᠶ᠋ᠢᠲᠡᠯᠡᠵᠦ᠍᠂ ᠥᠪᠥᠷ ᠮᠣᠩᠭᠣᠯ᠎ᠤᠨ ᠣᠷᠳᠣᠰ ᠬᠣᠲᠠ᠂ ᠪᠠᠶᠠᠨᠨᠠᠭᠤᠷ ᠬᠣᠲᠠ ᠰᠢᠯᠢᠳᠡᠭ ᠬᠣᠲᠠ᠎ᠶᠢᠨ ᠲᠠᠰ᠎ᠤᠨ ᠲᠤᠷᠰᠢᠯᠲᠠ᠎ᠶᠢᠨ ᠴᠡᠭ᠎ᠢᠶᠡᠷ ᠦᠨᠡᠯᠡᠭᠳᠡᠵᠦ᠍᠂ ᠣᠷᠳᠣᠰ ᠬᠣᠲᠠ᠎ᠶᠢᠨ ᠦᠦᠰᠢᠨ ᠬᠣᠰᠢᠭᠤ᠂ ᠡᠵᠡᠨ ᠬᠣᠷᠣᠭ᠎ᠠ ᠬᠣᠰᠢᠭᠤ᠂ ᠪᠠᠶᠠᠨᠨᠠᠭᠤᠷ ᠬᠣᠲᠠ᠎ᠶᠢᠨ ᠯᠢᠨᠾᠧ ᠲᠣᠭᠣᠷᠢᠭ᠂ ᠳ᠋ᠸᠩᠺᠸᠤ ᠰᠢᠶᠠᠨ ᠰᠢᠯᠢᠳᠡᠭ ᠰᠢᠶᠠᠨ᠎ᠤ ᠲᠠᠰ᠎ᠤᠨ ᠲᠤᠷᠰᠢᠯᠲᠠ᠎ᠶᠢᠨ ᠴᠡᠭ᠎ᠢᠶᠡᠷ ᠦᠨᠡᠯᠡᠭᠳᠡᠪᠡ᠃

2020 ᠣᠨ᠎ᠤ 9 ᠰᠠᠷ᠎ᠠ᠎ᠳᠤ᠂ ᠵᠠᠮ ᠲᠡᠭᠡᠭᠡᠪᠦᠷᠢ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ᠎ᠠᠴᠠ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠠᠮᠢᠶᠠᠷᠤᠯᠲᠠ ᠬᠠᠮᠠᠭᠠᠯᠠᠯᠲᠠ᠎ᠶᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠲᠤᠷᠰᠢᠯᠲᠠ᠎ᠶᠢᠨ ᠠᠵᠢᠯ᠎ᠢ ᠡᠬᠢᠯᠡᠭᠦᠯᠵᠦ᠍᠂ ᠣᠷᠳᠣᠰ ᠬᠣᠲᠠ᠂ ᠪᠠᠶᠠᠨᠨᠠᠭᠤᠷ ᠬᠣᠲᠠ᠎ᠶᠢ ᠬᠣᠲᠠ᠎ᠶᠢᠨ ᠲᠠᠰ᠎ᠤᠨ ᠲᠤᠷᠰᠢᠯᠲᠠ᠎ᠶᠢᠨ ᠴᠡᠭ᠎ᠲᠦ᠍ ᠣᠷᠣᠭᠤᠯᠵᠤ᠂ ᠣᠷᠳᠣᠰ ᠬᠣᠲᠠ᠎ᠶᠢᠨ ᠦᠦᠰᠢᠨ ᠬᠣᠰᠢᠭᠤ᠂ ᠡᠵᠡᠨ ᠬᠣᠷᠣᠭ᠎ᠠ ᠬᠣᠰᠢᠭᠤ᠂ ᠪᠠᠶᠠᠨᠨᠠᠭᠤᠷ ᠬᠣᠲᠠ᠎ᠶᠢᠨ ᠯᠢᠨᠾᠧ ᠲᠣᠭᠣᠷᠢᠭ᠂ ᠳ᠋ᠸᠩᠺᠸᠤ ᠰᠢᠶᠠᠨ᠎ᠢ ᠰᠢᠶᠠᠨ᠎ᠤ ᠲᠠᠰ᠎ᠤᠨ ᠲᠤᠷᠰᠢᠯᠲᠠ᠎ᠶᠢᠨ ᠴᠡᠭ᠎ᠲᠦ᠍ ᠣᠷᠣᠭᠤᠯᠪᠠ᠃

ᠣᠶ᠋ᠢᠷ᠎ᠠ᠎ᠶᠢᠨ ᠵᠢᠯ᠎ᠦᠨ ᠲᠤᠷᠰᠢ᠂ ᠥᠪᠥᠷ ᠮᠣᠩᠭᠣᠯ ᠲᠤᠷᠰᠢᠯᠲᠠ᠎ᠶᠢᠨ ᠴᠡᠭ᠎ᠤᠨ ᠠᠵᠠ ᠲᠣᠬᠢᠶᠠᠯ᠎ᠳᠤ ᠲᠦᠰᠢᠭᠯᠡᠨ 《ᠬᠥᠳᠡᠭᠡ ᠲᠣᠰᠬᠣᠨ᠎ᠤ ᠳᠥᠷᠪᠡᠨ ᠰᠠᠶ᠋ᠢᠨᠲᠠᠶ ᠵᠠᠮ》᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠪᠠ᠄ ᠣᠷᠳᠣᠰ ᠬᠣᠲᠠ ᠶᠡᠷᠦᠩᠬᠡᠶ᠋ᠢᠯᠡᠭᠰᠡᠨ ᠬᠠᠮᠢᠶᠠᠷᠤᠯᠲᠠ᠎ᠶᠢᠨ ᠲᠠᠪᠴᠠᠩ ᠪᠠᠶ᠋ᠢᠭᠤᠯᠵᠤ᠂ ᠣᠶᠤᠨᠴᠢ ᠮᠡᠳᠡᠷᠡᠮᠵᠢ᠎ᠶᠢᠨ ᠲᠥᠬᠥᠭᠡᠷᠦᠮᠵᠢ᠎ᠶᠢ ᠪᠠᠶ᠋ᠢᠷᠢᠯᠠᠭᠤᠯᠵᠤ᠂ ᠦᠨᠳᠦᠷ ᠢ᠋ ᠬᠢᠵᠠᠭᠠᠷᠯᠠᠬᠤ ᠵᠢᠶᠠᠰᠠ᠂ ᠲᠡᠷᠭᠡ ᠵᠣᠭᠰᠣᠭᠠᠬᠤ ᠥᠬᠡᠶ ᠪᠡᠷ ᠬᠡᠲᠦᠷᠡᠲᠡᠯ᠎ᠡ ᠲᠡᠭᠡᠭᠡᠪᠦᠷᠢᠯᠡᠬᠦ᠌᠎ᠶᠢ ᠵᠠᠰᠠᠬᠤ ᠰᠢᠰᠲ᠋ᠧᠮ᠎ᠢ ᠲᠤᠷᠰᠢᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠢ ᠪᠠᠶ᠋ᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ᠌᠎ᠶᠢ ᠪᠥᠬᠥ᠌ ᠲᠠᠯ᠎ᠠ᠎ᠪᠠᠷ ᠬᠢᠨᠠᠨ ᠬᠠᠮᠢᠶᠠᠷᠬᠤ᠎ᠶᠢ ᠪᠡᠶᠡᠯᠡᠭᠦᠯᠪᠡ; ᠪᠠᠶᠠᠨᠨᠠᠭᠤᠷ ᠬᠣᠲᠠ 《ᠨᠡᠶ᠋ᠢᠲᠡᠯᠢᠭ ᠵᠢᠱ᠌ᠢᠶ᠎ᠡ᠎ᠪᠡᠷ ᠳᠠᠭᠠᠭᠤᠯᠵᠤ᠂ ᠴᠡᠭ᠎ᠢᠶᠡᠷ ᠨᠡᠶ᠋ᠢᠳᠡᠮ᠎ᠢ ᠳᠠᠶ᠋ᠢᠴᠢᠯᠠᠬᠤ》ᠪᠡᠷ ᠳᠠᠮᠵᠢᠨ᠂ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ ᠵᠡᠷᠭᠡ ᠵᠠᠩᠭᠢᠯᠠᠭ᠎ᠠ᠎ᠶᠢᠨ ᠴᠡᠭ᠎ᠢ ᠬᠣᠯᠪᠣᠵᠤ᠂ ᠵᠠᠮ᠎ᠢ ᠵᠠᠰᠠᠨ ᠰᠡᠷᠭᠦᠭᠡᠬᠦ᠌᠂ ᠫᠠᠢᠰᠠ ᠲᠡᠮᠳᠡᠭ᠎ᠢ ᠲᠡᠭᠦᠯᠳᠡᠷᠵᠢᠭᠦᠯᠬᠦ᠌ ᠵᠡᠷᠭᠡ ᠢᠨᠵᠧᠨᠧᠷᠢᠩ᠎ᠢ ᠠᠬᠢᠭᠤᠯᠵᠤ᠂ ᠬᠣᠰᠢᠭᠤ ᠰᠢᠶᠠᠨ᠂ ᠰᠤᠮᠤ ᠪᠠᠯᠭᠠᠰᠤ᠂ ᠭᠠᠴᠠᠭ᠎ᠠ ᠲᠣᠰᠬᠣᠨ᠎ᠳᠤ ᠴᠥᠮ 《ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ᠎ᠤ ᠵᠠᠮ》 ᠪᠠᠶ᠋ᠢᠬᠤ᠎ᠶᠢ ᠪᠡᠶᠡᠯᠡᠭᠦᠯᠪᠡ᠂ ᠡᠭᠦᠨ᠎ᠳᠦ ᠳ᠋ᠸᠩᠺᠸᠤ ᠰᠢᠶᠠᠨ᠎ᠤ X714 ᠱᠤᠭᠤᠮ ᠨᠢ ᠪᠥᠬᠥ᠌ ᠤᠯᠤᠰ᠎ᠤᠨ《ᠠᠷᠪᠠᠨ ᠶᠡᠬᠡ ᠬᠠᠮᠤᠭ᠎ᠤᠨ ᠭᠣᠶᠣ ᠬᠥᠳᠡᠭᠡ ᠲᠣᠰᠬᠣᠨ᠎ᠤ ᠵᠠᠮ》 ᠵᠢᠠᠷ ᠦᠨᠡᠯᠡᠭᠳᠡᠪᠡ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠳᠦᠯᠦᠪᠵᠢᠭᠦᠯᠭᠡ ᠡᠴᠠ ᠨᠠᠭᠠᠰᠢ᠂ ᠥᠪᠥᠷ ᠮᠣᠩᠭᠣᠯ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ᠎ᠶᠢᠨ ᠪᠠᠯᠠ ᠣᠷᠣᠭᠤᠯᠤᠯᠲᠠ᠎ᠶᠢ ᠨᠡᠶ᠋ᠢᠲᠡ 364 ᠳ᠋ᠦᠩᠰᠢᠭᠤᠷ ᠲᠥᠭᠥᠷᠢᠭ᠂ ᠠᠷᠠᠴᠢᠯᠠᠨ ᠬᠠᠮᠠᠭᠠᠯᠠᠬᠤ ᠪᠠᠯᠠ ᠣᠷᠣᠭᠤᠯᠤᠯᠲᠠ᠎ᠶᠢ ᠨᠡᠶ᠋ᠢᠲᠡ 92.9 ᠳ᠋ᠦᠩᠰᠢᠭᠤᠷ ᠲᠥᠭᠥᠷᠢᠭ ᠪᠡᠶᠡᠯᠡᠭᠦᠯᠵᠦ᠍᠂ ᠬᠥᠳᠡᠭᠡ ᠲᠣᠰᠬᠣᠨ᠎ᠤ ᠵᠠᠰᠠᠮᠠᠯ ᠵᠠᠮ᠎ᠢ 2.5 ᠲᠦᠮᠡᠨ ᠺᠢᠯᠣᠮᠧᠲ᠋ᠷ ᠰᠢᠨ᠎ᠡ᠎ᠪᠡᠷ ᠥᠭᠡᠷᠡᠴᠢᠯᠡᠨ ᠵᠠᠰᠠᠵᠤ᠂ ᠠᠷᠠᠴᠢᠯᠠᠨ ᠬᠠᠮᠠᠭᠠᠯᠠᠬᠤ ᠢᠨᠵᠧᠨᠧᠷᠢᠩ᠎ᠢ 3.1 ᠲᠦᠮᠡᠨ ᠺᠢᠯᠣᠮᠧᠲ᠋ᠷ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠪᠥᠬᠥ᠌ ᠣᠷᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠶᠡᠷᠦᠩᠬᠡᠶ ᠣᠷᠳᠣ 18 ᠲᠦᠮᠡᠨ ᠺᠢᠯᠣᠮᠧᠲ᠋ᠷ᠎ᠲᠦ᠍ ᠬᠦᠷᠴᠦ᠍᠂ 103 ᠬᠣᠰᠢᠭᠤ ᠰᠢᠶᠠᠨ (ᠬᠣᠲᠠ᠂ ᠲᠣᠭᠣᠷᠢᠭ)᠎ᠳ᠋ᠤ ᠴᠥᠮ ᠨᠢᠭᠡᠳᠦᠭᠡᠷ ᠳᠡᠰ ᠵᠢᠴᠢ ᠳᠡᠬᠦᠨ᠎ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠍᠂ 779 ᠰᠤᠮᠤ ᠰᠢᠶᠠᠩ ᠪᠠᠯᠭᠠᠰᠤᠨ᠎ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠍᠂ ᠨᠥᠬᠥᠴᠡᠯ ᠪᠥᠷᠢᠳᠦᠭᠰᠡᠨ ᠪᠠᠶ᠋ᠢᠭᠤᠯᠤᠮᠵᠢᠲᠤ᠌ ᠲᠣᠰᠬᠣᠨ᠎ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠵᠦ᠍᠂ ᠨᠡᠯᠢᠶᠡᠳ ᠶᠡᠬᠡ ᠬᠥᠮᠦᠨ ᠠᠮᠠ᠎ᠲᠠᠶ ᠪᠠᠶ᠋ᠢᠭᠠᠯᠢ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠨᠣᠷᠮ᠎ᠠ 89. 9%᠎ᠳ᠋ᠤ ᠬᠥᠷᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号