ᠵᠣᠣ ᠯᠸ ᠵᠢᠶ ᠬᠤᠷᠠᠯ᠎ᠢ ᠡᠷᠭᠢᠯᠡᠪᠡ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠬᠤᠷᠠᠯ 11 ᠤ᠋ ᠡᠳᠦᠷ᠎ᠦᠨ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃
ᠬᠤᠷᠠᠯ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠲᠣᠰ ᠲᠣᠰ ᠬᠢᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠶ ᠮᠡᠳᠡᠭᠦᠯᠦᠯᠲᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠶ ᠮᠡᠳᠡᠭᠦᠯᠦᠯᠲᠡ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌᠂ ᠡᠨᠡ ᠭᠤᠷᠪᠠᠨ ᠲᠥᠰᠦᠯ᠎ᠢ ᠪᠠᠲᠤᠯᠠᠬᠤ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠭᠤᠷᠪᠠᠨ ᠮᠡᠳᠡᠭᠦᠯᠦᠯᠲᠡ᠎ᠶ᠋ᠢᠨ ᠱᠢᠢᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠲᠤᠰ ᠲᠤᠰ ᠬᠢᠨᠠᠨ ᠵᠥᠪᠯᠡᠵᠡᠢ᠃
ᠬᠤᠷᠠᠯ᠎ᠡᠴᠡ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠤᠯᠢ᠎ᠶ᠋ᠢᠨ ᠲᠥᠰᠦᠯ᠎ᠦᠨ ᠳᠤᠭᠤᠢᠯᠠᠩ᠎ᠤᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠠᠤᠯᠢ ᠲᠦᠷᠢᠮ᠎ᠦᠨ ᠠᠵᠢᠯ᠎ᠤᠨ ᠵᠥᠪᠯᠡᠯ᠎ᠦᠨ ᠡᠷᠬᠢᠯᠡᠭ᠌ᠴᠢ ᠱᠸᠨ ᠴᠦᠨ ᠶᠣᠣ᠎ᠶ᠋ᠢᠨ ᠬᠢᠭ᠌ᠰᠡᠨ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠪᠣᠯᠤᠨ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠡᠨᠡ ᠬᠦ᠌ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠢ ᠲᠣᠭ᠍ᠲᠠᠭᠠᠯ᠎ᠤᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨᠦ ᠬᠢᠭ᠌ᠰᠡᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃
ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠵᠠᠰᠠᠪᠤᠷᠢ ᠣᠷᠣᠭᠤᠯᠬᠤ ᠰᠠᠨᠠᠯ᠎ᠤᠨ ᠮᠡᠳᠡᠭᠦᠯᠦᠯᠲᠡ ᠪᠣᠯᠤᠨ ᠲᠥᠰᠦᠯ᠎ᠦᠨ ᠪᠠᠲᠤᠯᠠᠭᠤᠯᠬᠤ ᠨᠤᠤᠷᠠᠭ᠂ ᠱᠢᠢᠳᠪᠦᠷᠢ᠎ᠶ᠋ᠢᠨ ᠲᠥᠰᠦᠯ᠂ ᠲᠣᠭ᠍ᠲᠠᠭᠠᠯ᠎ᠤᠨ ᠲᠥᠰᠦᠯ᠂ ᠬᠣᠯᠪᠣᠭ᠍ᠳᠠᠯ ᠪᠦᠬᠦᠢ ᠮᠡᠳᠡᠭᠦᠯᠦᠯᠲᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠵᠢ ᠵᠥᠪᠱᠢᠶᠡᠷᠡᠪᠡ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠡᠨ᠂ ᠱᠢᠤᠸᠠᠢᠺᠧᠯᠠᠢ᠌ᠲ᠋ᠢ·ᠵᠠᠺᠸᠯ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)