(2026 ᠣᠨ᠎ᠤ 3 ᠰᠠᠷ᠎ᠠ᠎ᠶ᠋ᠢᠨ 11 ᠤ᠋ ᠡᠳᠦᠷ)
ᠸᠠᠩ ᠬ᠍ᠤ ᠨᠢᠩ
ᠭᠡᠱᠢᠭᠦᠳ ᠡ᠂ ᠨᠥᠬᠥᠳ ᠡ᠄
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ᠎ᠵᠢᠨ ᠳᠥᠷᠪᠡᠳᠦᠭᠡᠷ ᠬᠤᠷᠠᠯ ᠪᠦᠬᠦ᠌ ᠭᠡᠱᠢᠭᠦᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠡᠨᠡ ᠤᠳᠠᠭ᠎ᠠ᠎ᠶ᠋ᠢᠨ ᠬᠤᠷᠠᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠎ᠵᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠤᠯᠤᠰ᠎ᠤᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠪᠡ᠃
ᠬᠤᠷᠠᠯ᠎ᠤᠨ ᠬᠤᠭᠤᠴᠠᠭᠠᠨ᠎ᠳᠤ᠂ ᠪᠦᠬᠦ᠌ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ ᠪᠠ ᠪᠤᠰᠤᠳ ᠮᠡᠳᠡᠭᠦᠯᠦᠯᠲᠡ᠎ᠵᠢ ᠨᠠᠷᠢᠨ ᠬᠢᠨᠠᠮᠠᠭᠠᠢ ᠶᠠᠷᠢᠯᠴᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠦᠪᠯᠡᠵᠦ᠂ ᠦᠯᠡᠮᠵᠢ ᠦᠷ᠎ᠡ ᠪᠦᠲᠦᠭᠡᠯ ᠣᠯᠪᠠ᠃ ᠪᠥᠬᠥ᠌ ᠭᠡᠱᠢᠭᠦᠳ ᠥᠩᠭᠡᠷᠡᠭ᠌ᠰᠡᠨ ᠨᠢᠭᠡ ᠵᠢᠯ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠳ᠋ᠡᠬᠢ ᠲᠤᠢᠯ᠎ᠤᠨ ᠬᠡᠪ᠎ᠤᠨ ᠪᠤᠰᠤ᠂ ᠲᠤᠢᠯ᠎ᠤᠨ ᠵᠢᠷ᠎ᠤᠨ ᠪᠤᠰᠤ᠎ᠶ᠋ᠢᠨ ᠬᠥᠭ᠌ᠵᠢᠯᠲᠡ᠎ᠶ᠋ᠢᠨ ᠥᠩᠭᠡᠷᠡᠯᠲᠡ ᠵᠢᠴᠢ ᠬᠢᠯᠪᠠᠷ ᠪᠤᠰᠤ᠎ᠪᠠᠷ ᠢᠷᠡᠭ᠌ᠰᠡᠨ ᠲᠤᠢᠯ᠎ᠤᠨ ᠬᠣᠪᠣᠷ ᠨᠠᠨᠳᠢᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠭᠦᠶ᠋ᠴᠡᠳ ᠲᠠᠨᠢᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ ᠠᠵᠤ ᠠᠬᠤᠶ ᠵᠢᠨ ᠲᠦᠷᠭᠡᠨ ᠬᠥᠭ᠌ᠵᠢᠯᠲᠡ ᠪᠠ ᠨᠡᠢᠭᠡᠮ᠎ᠤᠨ ᠣᠷᠳᠣ ᠬᠤᠭᠤᠴᠠᠭᠠᠨ᠎ᠤ ᠲᠣᠭ᠍ᠲᠠᠭᠤᠨ ᠬᠣᠶᠠᠷ ᠶᠡᠬᠡ ᠭᠠᠢᠬᠠᠮᠱᠢᠭ᠎ᠲᠦ ᠰᠢᠨ᠎ᠡ ᠬᠠᠭᠤᠳᠠᠰᠤ ᠵᠢ ᠲᠠᠰᠤᠷᠠᠯᠲᠠ ᠥᠬᠡᠶ ᠦᠷᠭᠦᠯᠵᠢᠯᠡᠨ ᠪᠢᠴᠢᠭ᠌ᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌᠎ᠪᠡᠷ ᠵᠣᠷᠢᠭ ᠱᠢᠭᠤᠳᠪᠠ᠃ ᠡᠨᠡ ᠪᠣᠯ ᠨᠢᠭᠡ ᠤᠳᠠᠭ᠎ᠠ᠎ᠵᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠰᠡᠳᠭᠢᠯ ᠨᠢᠭᠡᠲᠦᠨ ᠬᠦᠴᠦ᠍᠎ᠪᠡᠨ ᠬᠠᠮᠲᠤᠳᠭᠠᠭ᠍ᠰᠠᠨ᠂ ᠦᠨᠡᠨ᠎ᠢ ᠪᠠᠷᠢᠮᠲᠠᠯᠠᠨ ᠡᠷᠡᠮᠡᠬᠡᠢᠯᠡᠨ ᠤᠷᠤᠭ᠍ᠰᠢᠯᠠᠭ᠍ᠰᠠᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠤᠯᠵᠦ᠂ ᠥᠷᠭᠡᠨ ᠤᠯᠠᠨ ᠭᠡᠱᠢᠭᠦᠳ᠎ᠦᠨ ᠤᠯᠤᠰ ᠣᠷᠣᠨ᠎ᠤ᠎ᠪᠠᠨ ᠲᠥᠯᠥᠭᠡ ᠲᠤᠱᠢᠶᠠᠯ ᠵᠢᠡᠨ ᠭᠦᠢᠴᠡᠳᠭᠡᠵᠤ᠂ ᠠᠷᠠᠳ ᠲᠦᠮᠡᠨ᠎ᠦ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ ᠢᠯᠡᠷᠡᠭᠦᠯᠵᠦ᠍᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠥᠪᠡᠷᠮᠢᠴᠡ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠢᠲᠡᠭᠡᠯ ᠲᠡᠭᠦᠯᠳᠡᠷ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠠᠭᠠᠨ ᠤᠷᠤᠭ᠍ᠰᠢᠯᠠᠵᠤ ᠪᠠᠢᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠲᠤᠰ ᠪᠡᠶ᠎ᠡ᠎ᠶ᠋ᠢᠨ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ ᠪᠠ ᠲᠤᠱᠢᠶᠠᠯ ᠬᠠᠷᠢᠭᠤᠴᠠᠯᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠳᠠᠭᠠᠬᠤ ᠪᠠ ᠲᠡᠭᠦᠨ᠎ᠳᠦ ᠦᠢᠯᠡᠴᠢᠯᠡᠬᠦ᠌ ᠭᠠᠷᠳᠠᠬᠤ ᠴᠡᠭ᠂ ᠤᠶᠠᠯᠳᠤᠯ ᠴᠡᠭ᠂ ᠬᠦᠴᠦᠯᠡᠬᠦ᠌ ᠴᠡᠭ᠎ᠢᠶᠡᠨ ᠣᠨᠣᠪᠴᠢᠲᠠᠢ ᠣᠯᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠤᠨ᠂ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠪᠦᠯᠬᠦᠮᠳᠡᠭᠦᠯᠦᠨ ᠳᠠᠭᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠳᠤᠷ ᠡᠬᠢᠯᠡᠭᠦᠯᠬᠦ᠎ᠳᠤ ᠦᠷᠭᠡᠨᠵᠢᠡᠷ ᠬᠥᠮᠦᠨ᠎ᠦ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ᠃
— ᠪᠢᠳᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠪᠠᠢᠩᠭᠤ ᠰᠤᠷᠤᠯᠴᠠᠨ ᠪᠠᠢᠩᠭᠤ ᠰᠡᠳᠭᠢᠵᠦ᠍ ᠪᠠᠢᠩᠭᠤ ᠣᠢᠯᠠᠭᠠᠬᠤ ᠳᠤᠮᠳᠠ ᠦᠵᠡᠯ ᠰᠠᠨᠠᠭ᠎ᠠ ᠲᠠᠨᠢᠯᠲᠠ᠎ᠶ᠋ᠢᠨ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠭᠦᠨᠵᠡᠭᠡᠢᠷᠡᠭᠦᠯᠬᠦ ᠰᠠᠭᠤᠭᠳᠠᠭᠤᠯᠬᠤ ᠤᠨᠳᠤᠤᠰᠢᠭᠤᠯᠬᠤ ᠳᠤᠮᠳᠠ ᠤᠯᠤᠰ ᠲᠦᠷᠦ᠍᠎ᠶ᠋ᠢᠨ ᠴᠢᠳᠠᠪᠤᠷᠢ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠎ᠶ᠋ᠢᠨ ᠢᠯᠡ ᠲᠣᠳᠣ ᠤᠯᠤᠰ ᠲᠦᠷᠦ᠍᠎ᠶ᠋ᠢᠨ ᠱᠢᠨᠵᠢ ᠴᠢᠨᠠᠷ᠎ᠢ ᠭᠦᠨᠵᠡᠭᠡᠢ ᠲᠠᠨᠢᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠦᠨ ᠬᠡᠪᠴᠢᠶᠡᠨ᠎ᠳᠦ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠂ ᠠᠵᠢᠯ᠎ᠢᠶᠠᠨ ᠥᠷᠨᠢᠭᠦᠯᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠢᠮᠠᠭ᠍ᠲᠠ ᠵᠥᠪ ᠤᠯᠤᠰ ᠲᠦᠷᠦ᠍᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
— ᠪᠢᠳᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠦᠢᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭ᠌ᠲᠡᠢ᠃ ᠨᠠᠮ ᠪᠠ ᠤᠯᠤᠰ᠎ᠤᠨ ᠭᠣᠣᠯ ᠡᠭᠦᠷᠭᠡ ᠵᠢ ᠬᠠᠮᠢᠭ᠎ᠠ ᠬᠦᠷᠳᠡᠯ᠎ᠡ ᠠᠬᠢᠭᠤᠯᠪᠠᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠲᠡᠨᠳᠡ ᠲᠥᠪᠯᠡᠷᠡᠭᠦᠯᠬᠦ᠌ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠦ ᠦᠢᠯᠡᠴᠢᠯᠡᠬᠦ᠌ ᠪᠠ ᠳᠡᠮᠵᠢᠬᠦ᠌ ᠶᠠᠪᠤᠳᠠᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠭᠣᠣᠯ ᠱᠢᠵᠢᠮ ᠪᠣᠯᠭᠠᠵᠤ᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠡᠯ᠎ᠡ ᠵᠦᠢᠯ᠎ᠦᠨ ᠠᠵᠢᠯ᠎ᠤᠨ ᠳᠤᠮᠳᠠ ᠲᠤᠭᠤᠱᠢᠯᠠᠭᠤᠯᠬᠤ ᠬᠡᠷᠡᠭ᠌ᠲᠡᠢ᠃ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠳᠤᠮᠳᠠᠬᠢ ᠴᠢᠬᠤᠯᠠ ᠶᠡᠬᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠷᠠᠯᠠᠯᠳᠤ ᠴᠢᠨᠠᠷᠲᠠᠢ ᠰᠤᠳᠤᠯᠭᠠᠨ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠪᠣᠳᠣᠯᠬᠢᠯᠠᠯ᠎ᠢᠶᠠᠨ ᠭᠦᠨᠵᠡᠭᠡᠢᠷᠡᠭᠦᠯᠵᠦ᠍᠂ ᠦᠨ᠎ᠡ ᠦᠷᠳᠡᠭ᠎ᠲᠡᠶ᠂ ᠴᠢᠨᠠᠷ ᠴᠢᠨᠰᠠᠭ᠎ᠠ᠎ᠲᠠᠶ ᠰᠠᠨᠠᠯ ᠪᠠ ᠰᠠᠨᠠᠭᠤᠯᠭ᠎ᠠ ᠳᠤᠷᠠᠳᠴᠤ᠌᠂ ᠪᠠᠢᠳᠠᠯ᠎ᠤᠨ ᠬᠤᠪᠢᠷᠠᠯᠲᠠ᠎ᠶ᠋ᠢ ᠪᠠᠢᠴᠠᠭᠠᠬᠤ᠂ ᠠᠰᠠᠭᠤᠳᠠᠯ᠎ᠤᠨ ᠭᠤᠤᠯᠳᠠᠯᠭ᠎ᠠ ᠵᠢ ᠲᠠᠨᠢᠬᠤ᠂ ᠲᠤᠰᠠᠲᠠᠢ ᠠᠷᠭ᠎ᠠ ᠪᠤᠳᠤᠯᠭ᠎ᠠ ᠰᠦᠪᠡᠭᠴᠢᠯᠡᠬᠦ᠎ᠶ᠋ᠢ ᠴᠢᠷᠮᠠᠢᠨ ᠪᠡᠶᠡᠯᠡᠭᠦᠯᠬᠦ ᠭᠡᠷᠡᠭᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠠᠷᠠᠳ᠎ᠲᠤ ᠠᠱᠢᠭ᠍ᠲᠠᠢ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠠᠷᠠᠳ᠎ᠲᠤ ᠠᠱᠢᠭ ᠬᠦᠷᠲᠡᠭᠡᠬᠦ᠌ ᠶᠠᠪᠤᠳᠠᠯ᠎ᠢ ᠢᠯᠡᠭᠦᠬᠡᠨ ᠬᠢᠵᠦ᠍᠂ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ ᠵᠢᠡᠷ ᠪᠦᠬᠦ᠌ ᠠᠷᠠᠳ ᠲᠦᠮᠡᠨ᠎ᠳᠦ ᠪᠤᠶᠠᠨ ᠦᠢᠯᠡᠳᠬᠦ᠌ ᠵᠢ ᠠᠬᠢᠭᠤᠯᠬᠤ ᠬᠡᠷᠡᠭ᠌ᠲᠡᠢ᠃
— ᠪᠢᠳᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠡᠳᠭᠢᠯ ᠨᠢᠭᠡᠳᠤᠨ ᠬᠦᠴᠦ᠍᠎ᠪᠠᠨ ᠬᠠᠮᠲᠤᠳᠭᠠᠬᠤ ᠦᠢᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭ᠌ᠲᠡᠢ᠃ ᠨᠢᠭᠡᠳᠦᠮᠡᠯ ᠹᠷᠣᠨᠲ᠎ᠤᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠦᠢᠯᠡᠳᠦᠯ᠎ᠢ ᠪᠠᠳᠠᠷᠠᠭᠤᠯᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠡᠳᠦᠷ ᠲᠤᠳᠤᠮ᠎ᠤᠨ ᠠᠵᠢᠯ᠎ᠳᠠᠭᠠᠨ ᠠᠭᠤᠰᠭᠠᠵᠤ᠂ ᠪᠠᠢᠩᠭᠤ ᠠᠳᠭᠤᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠵᠦᠢᠯ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠠᠵᠢᠯ᠎ᠳᠤ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠬᠦ᠌᠂ ᠪᠦᠯᠬᠦᠮᠳᠡᠯ᠎ᠢ ᠠᠬᠢᠭᠤᠯᠬᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠠᠴᠢ ᠬᠣᠯᠪᠣᠭ᠍ᠳᠠᠯ ᠣᠯᠭᠣᠬᠤ ᠬᠡᠷᠡᠭ᠌ᠲᠡᠢ᠃ ᠤᠯᠤᠰ ᠲᠥᠷᠥ᠎ᠶ᠋ᠢᠨ ᠵᠥᠪᠯᠡᠯᠭᠡᠨ᠎ᠦ ᠣᠨᠣᠯ᠎ᠤᠨ ᠤᠬᠠᠭᠤᠯᠭ᠎ᠠ᠂ ᠰᠣᠨᠢᠨ ᠮᠡᠳᠡᠭᠡᠨ᠎ᠦ ᠤᠬᠠᠭᠤᠯᠭ᠎ᠠ᠂ ᠭᠠᠳᠠᠭᠠᠳᠤ ᠶᠠᠪᠤᠯᠴᠠᠭ᠎ᠠ᠂ ᠭᠡᠱᠢᠭᠦᠳ ᠡᠴᠡ ᠡᠲᠡᠭᠡᠳ ᠢᠯᠭᠠᠯ᠎ᠤᠨ ᠣᠯᠠᠨ ᠲᠦᠮᠡᠨ᠎ᠲᠡᠶ ᠬᠠᠷᠢᠯᠴᠠᠬᠤ᠂ ᠭᠡᠱᠢᠭᠦᠳ 《ᠠᠷᠠᠳ ᠲᠦᠮᠡᠨ᠎ᠳᠦ ᠦᠶ᠋ᠯᠡᠴᠢᠯᠡᠬᠦ᠌》 ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ᠵᠡᠷᠭᠡ ᠠᠵᠢᠯᠯᠠᠭ᠎ᠠ᠎ᠶ᠋ᠢ ᠰᠠᠢᠲᠤᠷ ᠥᠷᠨᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠬᠦᠰᠡᠯ ᠡᠷᠡᠮᠡᠯᠵᠡᠯ᠎ᠢᠶᠡᠷ ᠬᠥᠮᠦᠰ᠎ᠢ ᠵᠣᠷᠢᠭ᠍ᠵᠢᠭᠤᠯᠬᠤ᠂ ᠬᠥᠮᠦᠰ᠎ᠢ ᠤᠷᠮᠠᠰᠢᠭᠤᠯᠬᠤ᠂ ᠬᠥᠮᠦᠰ ᠢ ᠤᠷᠢᠶᠠᠯᠠᠬᠤ᠎ᠳᠠᠭᠠᠨ ᠴᠢᠳᠠᠮᠠᠭᠠᠶ ᠪᠠᠢᠵᠤ᠂ ᠨᠠᠮ ᠪᠣᠯᠤᠨ ᠵᠠᠰᠠᠭ᠎ᠤᠨ ᠣᠷᠳᠣᠨ᠎ᠢ ᠬᠠᠮᠵᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠰᠡᠵᠢᠭ ᠲᠥᠭᠡᠷᠢᠭ᠌ᠳᠡᠯ᠎ᠢ ᠲᠠᠢᠯᠬᠤ᠂ ᠤᠷᠮ᠎ᠠ ᠰᠡᠳᠭᠢᠯᠭᠡ᠎ᠶ᠋ᠢ ᠬᠦᠭᠵᠢᠭᠡᠵᠦ᠂ ᠵᠥᠷᠢᠴᠡᠯ᠎ᠢ ᠠᠷᠢᠯᠭᠠᠬᠤ ᠠᠵᠢᠯ᠎ᠢ ᠰᠠᠢᠲᠤᠷ ᠬᠢᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠱᠢᠨ᠎ᠡ ᠠᠶᠠᠨ ᠳ᠋ᠦ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠦᠴᠦᠷᠬᠡᠭ ᠶᠡᠬᠡ ᠢᠳᠡᠪᠬᠢ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠬᠤ ᠬᠡᠷᠡᠭ᠌ᠲᠡᠶ᠃
ᠭᠡᠱᠢᠭᠦᠳ ᠡ᠂ ᠨᠥᠬᠥᠳ ᠡ!
ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠡᠳᠬᠢᠯ ᠵᠤᠷᠢᠭ ᠵᠢᠡᠨ ᠨᠢᠭᠡᠳᠭᠡᠵᠦ ᠬᠦᠴᠦᠨ ᠴᠢᠳᠠᠯ ᠵᠢᠡᠨ ᠬᠠᠮᠳᠤᠳᠬᠠᠵᠤ᠂ ᠡᠷᠡᠯᠬᠡᠭ᠌ᠯᠡᠨ ᠤᠷᠤᠬᠰᠢᠯᠠᠵᠦ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!
(ᠰᠢᠨᠬᠤᠸᠠ ᠬᠤᠷᠢᠶ᠎ᠡ ᠵᠢᠨ ᠪᠡᠭᠡᠵᠢᠩ᠎ᠤᠨ 3 ᠰᠠᠷ᠎ᠠ ᠵᠢᠨ 11 ᠤ᠋ ᠴᠠᠬᠢᠯᠭᠠᠨ ᠮᠡᠳᠡᠭᠡ)