ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠪᠥᠬᠥᠳᠡ ᠬᠤᠷᠠᠯ ᠬᠢᠵᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ 《ᠬᠣᠶᠠᠷ ᠬᠤᠷᠢᠶ᠎ᠠ》 ᠶ᠋ᠢᠨ ᠠᠵᠢᠯ᠎ᠤᠨ ᠮᠡᠳᠡᠭᠦᠯᠦᠯᠲᠡ ᠵᠢ ᠦᠷᠭᠦᠯᠵᠢᠯᠡᠨ ᠬᠢᠨᠠᠨ ᠵᠦᠪᠯᠡᠪᠡ
2026-03-12 09:36:47
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ    ᠪᠦᠦ ᠭᠠᠩ ᠬᠢᠨᠠᠨ ᠵᠥᠪᠯᠡᠬᠦ᠌᠎ᠳᠦ ᠣᠷᠣᠯᠴᠠᠵᠠᠢ


3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠦᠷᠭᠦᠯᠵᠢᠯᠡᠨ ᠬᠢᠨᠠᠨ ᠵᠥᠪᠯᠡᠪᠡ᠃


QQ截图20260312093543.png


3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠪᠠ᠃   

ᠰᠤᠷᠪᠤᠯᠵᠢᠯᠠᠭᠴᠢ  ᠮᠠ ᠵᠢᠶᠠᠨ ᠪᠢᠩ  ᠰᠡᠬᠦᠳᠡᠷᠯᠡᠪᠠ


ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠪᠦᠯᠬᠦᠮ᠎ᠦᠨ ᠳᠡᠳ᠋ ᠳᠠᠷᠤᠭ᠎ᠠ ᠪᠦᠦ ᠭᠠᠩ ᠬᠢᠨᠠᠨ ᠵᠥᠪᠯᠡᠬᠦ᠌᠎ᠳᠦ ᠣᠷᠣᠯᠴᠠᠪᠠ᠃ ᠠᠷᠠᠳ᠎ᠤᠨ ᠳᠡᠭᠡᠳᠦ ᠱᠢᠭᠦᠬᠦ᠌ ᠬᠣᠷᠢᠢ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠢ᠎ᠠ ᠪᠣᠯᠤᠨ ᠶᠡᠬᠡ ᠬᠤᠷᠠᠯ᠎ᠤᠨ ᠬᠠᠤᠯᠢ᠎ᠶ᠋ᠢᠨ ᠲᠥᠰᠦᠯ᠎ᠦᠨ ᠳᠤᠭᠤᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃

ᠰᠦᠨ ᠶᠢᠩ᠂ ᠸᠠᠩ ᠼᠠᠢ ᠶᠦᠨ᠂ ᠬᠥᠩ ᠱᠢᠤᠸᠠᠢ ᠹᠸᠩ᠂ ᠯᠢᠦ ᠶᠠᠨ ᠪᠢᠩ᠂ ᠵᠠᠩ ᠵᠢᠶ ᠱᠢᠨ᠂ ᠦ᠋ ᠬᠠᠶ ᠵᠢᠶᠦ᠋ᠨ᠂ ᠦ᠋ ᠶᠢᠩ᠂ ᠯᠢ ᠸᠸᠨ ᠯᠢᠩ᠂ ᠮᠸᠩ ᠳ᠋ᠠ ᠶᠢᠩ᠂ ᠵᠣᠣ ᠬᠣᠶ ᠵᠢᠶᠧ ᠵᠡᠷᠭᠡ ᠲᠥᠯᠥᠭᠡᠯᠡᠭ᠌ᠴᠢ ᠦᠭᠡ ᠬᠡᠯᠡᠭ᠌ᠰᠡᠨ ᠪᠥᠭᠡᠳ ᠬᠠᠤᠯᠢ ᠵᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠡᠷᠴᠢᠮ᠎ᠢ ᠴᠢᠩᠭᠠᠷᠠᠭᠤᠯᠬᠤ᠂ ᠨᠠᠰᠤᠨ᠎ᠳᠤ ᠥᠯᠥ᠍ ᠭᠦᠷᠦᠭ᠌ᠰᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ᠂ ᠬᠥᠩᠭᠡᠨ ᠶᠠᠯ᠎ᠠ ᠬᠢᠭᠰᠡᠨ᠎ᠢ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠬᠦ᠌᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠵᠠᠰᠠᠬᠤ᠎ᠶ᠋ᠢ ᠭᠦᠨᠵᠡᠭᠡᠢᠷᠡᠭᠦᠯᠬᠦ᠌᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠱᠢᠭᠦᠬᠦ᠌ ᠲᠢᠩᠬᠢᠮ ᠬᠢᠭᠡᠳ ᠶᠡᠷᠦᠩᠬᠡᠢᠯᠡᠨ ᠵᠠᠰᠠᠬᠤ ᠲᠥᠪ᠎ᠦᠨ ᠪᠠᠢᠭᠤᠯᠤᠯᠲᠠ᠎ᠶ᠋ᠢ ᠴᠢᠩᠭᠠᠳᠭᠠᠬᠤ᠂ ᠨᠠᠰᠤᠲᠠᠢᠴᠤᠳ᠎ᠲᠤ ᠳᠣᠭᠢᠷᠠᠬᠤ ᠱᠢᠮ᠎ᠡ ᠲᠡᠵᠢᠭᠡᠯ᠎ᠦᠨ ᠦᠶ᠋ᠯᠡᠳᠬᠦᠨ᠎ᠦ ᠪᠠᠷᠢᠮᠵᠢᠶ᠎ᠠ᠎ᠶ᠋ᠢ ᠲᠦᠷᠭᠡᠪᠴᠢᠯᠡᠨ ᠲᠣᠭ᠍ᠲᠠᠭᠠᠬᠤ᠂ ᠡᠮᠨᠡᠯᠭᠡ᠎ᠶ᠋ᠢᠨ ᠠᠵᠢᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠵᠡᠷᠭᠡ᠎ᠵᠢᠨ ᠲᠤᠭᠤᠷᠢᠨ᠎ᠳᠤ ᠰᠠᠨᠠᠯ ᠰᠠᠨᠠᠭᠤᠯᠭ᠎ᠠ ᠳᠤᠷᠠᠳᠪᠠ᠃

ᠬᠤᠷᠠᠯ᠎ᠡᠴᠡ᠂ ᠶᠡᠬᠡ ᠬᠤᠷᠠᠯ᠎ᠤᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢᠳ ᠪᠠᠲᠤ ᠴᠢᠩᠭ᠎ᠠ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠠᠷᠢᠭᠤᠴᠠᠯᠭᠠᠲᠤ ᠰᠡᠳᠭᠢᠯᠭᠡ ᠪᠡᠷ ᠡᠯ᠎ᠡ ᠵᠦᠶ᠋ᠯ᠎ᠦᠨ ᠠᠵᠢᠯ ᠎ᠤᠨ ᠢᠯᠡᠳᠭᠡᠯ ᠪᠠ ᠮᠡᠳᠡᠭᠦᠯᠦᠯᠲᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠂ 3 ᠬᠠᠤᠯᠢ᠎ᠶ᠋ᠢᠨ ᠲᠥᠰᠦᠯ ᠵᠢᠴᠢ ᠬᠠᠤᠯᠢ ᠴᠠᠭᠠᠵᠠ᠎ᠶ᠋ᠢ ᠴᠡᠪᠡᠷᠯᠡᠨ ᠴᠡᠭᠴᠡᠯᠡᠭᠰᠡᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠬᠢᠨᠠᠨ ᠵᠥᠪᠯᠡᠭ᠌ᠰᠡᠨ ᠰᠠᠨᠠᠯ᠎ᠢᠶᠠᠨ ᠢᠳᠡᠪᠬᠢᠲᠡᠶ ᠨᠡᠢᠲᠡᠯᠡᠵᠦ᠍᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭᠰᠡᠨ ᠪᠣᠳᠠᠲᠤ ᠠᠵᠢᠯᠯᠠᠭ᠎ᠠ᠎ᠪᠠᠷ᠎ᠢᠶᠠᠨ ᠶᠡᠬᠡ ᠬᠤᠷᠠᠯ᠎ᠤᠨ ᠤᠷᠤᠭ᠍ᠰᠢᠲᠠᠶ ᠶᠠᠪᠤᠭ᠍ᠳᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠥᠯᠥᠭᠡᠯᠡᠭ᠌ᠴᠢᠳ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ ᠪᠣᠯᠤᠨ ᠨᠢᠭᠤᠴᠠ᠎ᠶ᠋ᠢ ᠬᠠᠮᠠᠭᠠᠯᠠᠬᠤ ᠲᠣᠭ᠍ᠲᠠᠭᠠᠯ᠎ᠢ ᠴᠢᠩᠭ᠎ᠠ ᠵᠢᠷᠤᠮᠯᠠᠵᠤ᠂ ᠨᠢᠭᠡ ᠰᠡᠳᠭᠢᠯ ᠨᠢᠭᠡ ᠵᠤᠷᠢᠭ᠎ᠢᠶᠡᠷ᠂ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ ᠬᠤᠷᠠᠯ᠎ᠳᠤ ᠣᠷᠣᠯᠴᠠᠵᠤ᠂ ᠰᠠᠢᠨ ᠰᠠᠢᠬᠠᠨ ᠬᠤᠷᠠᠯ᠎ᠤᠨ ᠰᠤᠷᠲᠠᠯ᠎ᠢ ᠪᠠᠲᠤᠯᠠᠵᠤ᠂ ᠰᠠᠢᠨ ᠰᠠᠢᠬᠠᠨ ᠳᠦᠷᠢ ᠲᠥᠷᠬᠦ᠌᠎ᠵᠢ ᠢᠯᠡᠷᠡᠭᠦᠯᠪᠡ᠃ ᠲᠥᠯᠥᠭᠡᠯᠡᠭ᠌ᠴᠢᠳ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ᠎ᠪᠡᠨ ᠪᠣᠯᠭᠠᠵᠤ᠂ ᠲᠦᠷᠦᠭᠦᠯᠡᠨ ᠤᠬᠠᠭᠤᠯᠤᠨ ᠲᠠᠢᠯᠪᠤᠷᠢᠯᠠᠵᠤ᠂ ᠲᠦᠷᠦᠭᠦᠯᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠡᠬᠦᠳᠡᠭ ᠳᠦᠭᠦᠷᠡᠩ ᠤᠯᠤᠰ ᠲᠦᠷᠦ᠍᠎ᠶ᠋ᠢᠨ ᠬᠠᠯᠠᠭᠤᠨ ᠰᠡᠳᠭᠢᠯᠭᠡ᠂ ᠴᠢᠩᠭ᠎ᠠ ᠲᠤᠯᠭᠠᠮ ᠬᠠᠷᠢᠭᠤᠴᠠᠯᠭ᠎ᠠ ᠡᠭᠦᠷᠭᠡᠯᠡᠯ᠎ᠢᠶᠡᠷ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号