ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ 11 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠳᠥᠷᠪᠡᠳᠦᠭᠡᠷ ᠬᠤᠷᠠᠯ᠎ᠤᠨ ᠤᠬᠠᠭᠤᠯᠤᠨ ᠮᠡᠳᠡᠭᠡᠯᠡᠬᠦ᠎ᠳᠦ ᠣᠷᠣᠯᠴᠠᠭ᠍ᠰᠠᠨ ᠰᠣᠨᠢᠨ ᠮᠡᠳᠡᠭᠡᠨ᠎ᠦ ᠠᠵᠢᠯᠲᠠᠳ᠎ᠤᠨ ᠲᠥᠯᠥᠭᠡᠯᠡᠭ᠌ᠴᠢ᠎ᠵᠢ ᠡᠷᠬᠢᠨ ᠦᠵᠡᠵᠦ᠍᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠡᠮᠦᠨ᠎ᠡ᠎ᠡᠴᠡ ᠣᠯᠠᠨ᠎ᠢ ᠴᠢᠩ ᠰᠡᠳᠭᠢᠯ᠎ᠡᠴᠡ᠎ᠪᠡᠨ ᠲᠣᠬᠣᠨᠢᠭᠤᠯᠵᠤ ᠪᠠᠢᠬᠤ ᠪᠠ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ᠃
ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠂ ᠱᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠭᠤᠸᠠᠩᠮᠢᠩ ᠡᠳᠦᠷ᠎ᠦᠨ ᠰᠣᠨᠢᠨ᠎ᠤ ᠬᠣᠷᠢᠶ᠎ᠠ᠂ ᠠᠵᠤ ᠠᠬᠤᠢ᠎ᠶ᠋ᠢᠨ ᠡᠳᠦᠷ᠎ᠦᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠡᠳᠦᠷ᠎ᠦᠨ ᠰᠣᠨᠢᠨ᠎ᠤ ᠬᠣᠷᠢᠶ᠎ᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ ᠵᠡᠷᠭᠡ ᠲᠥᠪ᠎ᠦᠨ ᠭᠣᠣᠯ ᠪᠣᠯᠬᠤ ᠰᠣᠨᠢᠨ ᠮᠡᠳᠡᠭᠡᠨ᠎ᠦ ᠨᠢᠭᠡᠴᠢ ᠵᠢᠴᠢ ᠳᠤᠮᠳᠠᠳᠤ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠡᠳᠬᠦᠯ᠎ᠦᠨ ᠬᠣᠷᠢᠶ᠎ᠠ᠎ᠶᠢᠨ ᠬᠠᠷᠢᠭᠤᠴᠠᠯᠭᠠᠲᠠᠨ ᠨᠥᠬᠥᠳ ᠪᠣᠯᠤᠨ ᠶᠡᠬᠡ ᠬᠤᠷᠠᠯ᠎ᠢ ᠮᠡᠳᠡᠭᠡᠯᠡᠬᠦ᠎ᠳᠦ ᠣᠷᠣᠯᠴᠠᠭ᠍ᠰᠠᠨ ᠰᠤᠷᠪᠤᠯᠵᠢᠯᠠᠭ᠍ᠴᠢ ᠨᠠᠢᠷᠠᠭᠤᠯᠤᠭ᠍ᠴᠢ᠎ᠶ᠋ᠢᠨ ᠲᠥᠯᠥᠭᠡᠯᠡᠭ᠌ᠴᠢ ᠡᠷᠭᠢᠨ ᠦᠵᠡᠬᠦ᠌ ᠠᠵᠢᠯᠯᠠᠭ᠎ᠠ᠎ᠳᠤ ᠣᠷᠣᠯᠴᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠳᠥᠷᠪᠡᠳᠦᠭᠡᠷ ᠬᠤᠷᠠᠯ᠎ᠤᠨ ᠤᠬᠠᠭᠤᠯᠤᠨ ᠮᠡᠳᠡᠭᠡᠯᠡᠭᠰᠡᠨ ᠠᠵᠢᠯ᠎ᠤᠨ ᠪᠠᠢᠳᠠᠯ᠎ᠢ ᠲᠠᠨᠢᠯᠴᠠᠭᠤᠯᠪᠠ᠃
ᠸᠠᠩ ᠬ᠍ᠤ ᠨᠢᠩ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠳᠥᠷᠪᠡᠳᠦᠭᠡᠷ ᠬᠤᠷᠠᠯ ᠲᠡᠭᠦᠰ ᠠᠮᠵᠢᠯᠲᠠ ᠤᠯᠪᠠ᠂ ᠡᠨᠡ ᠨᠢ ᠰᠣᠨᠢᠨ ᠮᠡᠳᠡᠭᠡᠨ᠎ᠦ ᠨᠢᠭᠡᠴᠢ ᠪᠣᠯᠤᠨ ᠰᠣᠨᠢᠨ ᠮᠡᠳᠡᠭᠡᠨ᠎ᠦ ᠠᠵᠢᠯᠲᠠᠳ᠎ᠤᠨ ᠱᠢᠷᠭᠠᠭᠤ ᠴᠢᠷᠮᠠᠢᠯᠭ᠎ᠠ᠎ᠡᠴᠡ ᠰᠠᠯᠵᠤ ᠴᠢᠳᠠᠬᠤ ᠦᠭᠡᠢ ᠶᠤᠮ᠃ ᠬᠤᠷᠠᠯ᠎ᠤᠨ ᠬᠤᠭᠤᠴᠠᠭᠠᠨ᠎ᠳᠤ᠂ ᠰᠣᠨᠢᠨ ᠮᠡᠳᠡᠭᠡᠨ᠎ᠦ ᠨᠢᠭᠡᠴᠢ ᠨᠢᠭᠡ ᠪᠦᠯᠦᠭ ᠴᠢᠨᠠᠷ ᠰᠠᠢᠲᠠᠢ ᠮᠡᠳᠡᠭᠡᠯᠡᠯ ᠬᠢᠵᠦ᠍᠂ ᠬᠤᠷᠠᠯ᠎ᠤᠨ ᠦᠪᠡᠳᠡᠭ᠌ᠰᠢ ᠪᠠᠢᠳᠠᠯ ᠪᠠ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠥᠪᠡᠷᠮᠢᠴᠡ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠲᠥᠪ᠎ᠦᠨ ᠰᠣᠨᠢᠨ ᠮᠡᠳᠡᠭᠡᠨ᠎ᠤ ᠨᠢᠭᠡᠴᠢ᠎ᠨᠦᠭᠦᠳ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠵᠢ ᠪᠠᠷᠢᠮᠲᠠᠯᠠᠵᠤ᠂ ᠨᠠᠮ ᠪᠣᠯᠤᠨ ᠤᠯᠤᠰ᠎ᠤᠨ ᠭᠤᠤᠯ ᠡᠭᠦᠷᠭᠡ ᠵᠢᠨ ᠲᠤᠭᠤᠷᠢᠨ ᠳ᠋ᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠠᠬᠢᠭᠤᠯᠬᠤ᠎ᠳᠤ ᠲᠦᠷᠦ ᠵᠢᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠴᠦ᠂ ᠤᠯᠤᠰ ᠲᠥᠷᠥ᠎ᠶ᠋ᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ ᠵᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌ ᠵᠡᠷᠭᠡ ᠲᠠᠯ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠠᠮᠢᠳᠤᠯᠢᠭ ᠦᠶ᠋ᠯᠡᠳᠦᠯᠭᠡ᠎ᠶ᠋ᠢ ᠭᠦᠨᠵᠡᠭᠡᠶ ᠤᠬᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠦᠰ᠎ᠤᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠬᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠣᠶᠤᠨ ᠤᠬᠠᠭᠠᠨ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢᠶᠡᠨ ᠨᠢᠭ᠍ᠲᠠᠷᠠᠭᠤᠯᠬᠤ᠎ᠵᠢ ᠬᠦᠰᠡᠵᠦ ᠪᠠᠢᠨ᠎ᠠ ᠭᠡᠵᠦ ᠢᠯᠡᠳᠭᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠤ᠌ ᠯᠸᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬ᠍ᠤ ᠴᠦᠨ ᠬᠤᠸᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠪᠥᠭᠡᠳ ᠨᠠᠷᠢᠨ ᠪᠢᠴᠢᠭ᠎ᠦᠨ ᠳᠠᠷᠤᠭ᠎ᠠ ᠸᠠᠩ ᠳ᠋ᠦᠩ ᠹᠸᠩ ᠬᠠᠮᠲᠤ ᠡᠷᠭᠢᠨ ᠦᠵᠡᠪᠡ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)