ᠰᠡᠳᠭᠢᠯ ᠨᠢᠭᠡᠳᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠢᠷᠤᠭ ᠥᠵᠡᠮᠵᠢ᠎ᠶᠢ ᠵᠢᠷᠤᠭ᠍ᠯᠠᠰᠤᠭᠠᠢ
2026-03-12 09:53:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠪᠦᠯᠬᠦᠮᠳᠡᠯ᠎ᠢᠶᠡᠷ ᠬᠦᠴᠦᠨ ᠴᠢᠳᠠᠯ᠎ᠢ ᠨᠢᠭ᠍ᠲᠠᠷᠠᠭᠤᠯᠵᠤ᠂ ᠠᠷᠠᠳᠴᠢᠯᠠᠯ᠎ᠢᠶᠠᠷ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 3 ᠰᠠᠷ᠎ᠠ᠎ᠶ᠋ᠢᠨ 11 ᠤ᠋ ᠡᠳᠦᠷ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃ ᠪᠢᠳᠡ ᠶᠡᠬᠡ ᠬᠤᠷᠠᠯ᠎ᠤᠨ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠡᠨᠡ ᠪᠣᠯ ᠨᠢᠭᠡ ᠤᠳᠠᠭ᠎ᠠ ᠵᠢᠨ ᠲᠤᠭ᠎ᠢ ᠥᠨᠳᠥᠷ ᠮᠠᠨᠳᠤᠭᠤᠯᠤᠭᠰᠠᠨ᠂ ᠰᠡᠳᠭᠢᠯ ᠨᠢᠭᠡᠳᠦᠨ ᠬᠦᠴᠦ᠍ ᠪᠠᠨ ᠬᠠᠮᠲᠤᠳᠬᠠᠭᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭᠰᠡᠨ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠮᠥᠨ᠃ ᠬᠤᠷᠠᠯ᠎ᠤᠨ ᠬᠤᠭᠤᠴᠠᠭᠠᠨ᠎ᠳᠤ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠬᠤᠷᠠᠯ᠎ᠳᠤ ᠣᠷᠣᠯᠴᠠᠭ᠍ᠰᠠᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠪᠠ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠪᠤᠳᠤᠯ᠎ᠢᠶᠠᠷ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ᠎ᠶ᠋ᠢ ᠰᠣᠨᠣᠰᠤᠨ ᠶᠠᠷᠢᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠶᠠᠷᠢᠯᠴᠠᠵᠤ᠂ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠡᠯᠪᠡᠭ ᠦᠷ᠎ᠡ ᠪᠦᠲᠦᠭᠡᠯ ᠤᠯᠪᠠ᠃ ᠶᠡᠬᠡ ᠬᠤᠷᠠᠯ᠎ᠤᠨ ᠠᠮᠵᠢᠯᠲᠠ ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠳᠤᠷ ᠡᠬᠢᠯᠡᠭᠦᠯᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠦ᠍᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠢᠯᠡᠳᠲᠡ ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃

2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ ᠮᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠰᠦᠷ ᠳᠠᠯᠠᠢᠴᠠᠲᠠᠢ ᠠᠶᠠᠨ ᠵᠠᠮ᠎ᠢᠶᠠᠨ ᠡᠷᠭᠢᠴᠡᠭᠦᠯᠬᠦᠶ᠎ᠡ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠡᠭᠦᠳᠪᠡ᠂ ᠢᠯᠠᠩᠭᠤᠶ᠎ᠠ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠶᠡᠷᠦᠩᠬᠡᠢ ᠤᠯᠤᠰ᠎ᠤᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ 2035 ᠣᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠪᠠ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠪᠤᠯ ᠬᠡᠨ ᠴᠦ᠍ ᠬᠣᠷᠢᠭ᠍ᠯᠠᠵᠤ ᠴᠢᠳᠠᠰᠢ ᠦᠭᠡᠢ ᠲᠡᠤᠬᠡᠨ ᠶᠡᠬᠡ ᠬᠠᠨᠳᠤᠰᠢ ᠮᠦᠨ ᠭᠡᠳᠡᠭ᠎ᠢ ᠦᠢᠯᠡᠳᠦᠯᠭᠡ ᠮᠠᠷᠭᠤᠰᠢ ᠦᠭᠡᠢ ᠭᠡᠷᠡᠴᠢᠯᠡᠭᠰᠡᠨ ᠪᠠᠢᠨ᠎ᠠ᠃ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠵᠤ᠂ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠍᠂ ᠰᠦᠷ ᠲᠠᠯᠠᠢᠴᠠᠳᠠᠢ ᠬᠦᠴᠦᠨ ᠴᠢᠳᠠᠯ᠎ᠵᠢᠡᠨ ᠨᠢᠭ᠍ᠲᠠᠷᠠᠭᠤᠯᠵᠤ᠂ ᠨᠢᠭᠡ ᠨᠢᠭᠡ ᠠᠯᠬᠤᠮ᠎ᠵᠢᠡᠷ ᠯᠠᠪᠳᠠᠭᠤᠨ ᠪᠠᠲᠤᠲᠠᠢ ᠤᠷᠤᠭ᠍ᠰᠢᠯᠠᠬᠤ ᠬᠡᠷᠡᠭ᠌ᠲᠡᠢ᠃ ᠢᠯᠠᠯᠲᠠ ᠤᠯᠤᠭᠰᠠᠳ ᠦᠢᠯᠡᠰ ᠪᠦᠲᠦᠭᠡᠬᠦ᠎ᠳᠤ ᠠᠯᠤᠰ ᠬᠤᠯᠠ᠎ᠵᠢ ᠪᠤᠳᠤᠯᠬᠢᠯᠠᠳᠠᠭ᠂ ᠠᠮᠵᠢᠯᠲᠠ ᠤᠯᠤᠭᠰᠠᠳ ᠡᠬᠢᠯᠡᠯᠲᠡ᠎ᠵᠢᠨ ᠠᠯᠬᠤᠮ᠎ᠳᠤ ᠪᠦᠬᠦ ᠲᠠᠯ᠎ᠠ᠎ᠵᠢ ᠲᠦᠯᠦᠪᠵᠢᠭᠦᠯᠳᠡᠭ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠨᠠᠩ ᠢᠳᠡᠪᠬᠢᠲᠡᠶ ᠦᠷ᠎ᠡ ᠪᠦᠲᠦᠮᠵᠢᠲᠡᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ᠎ᠢ ᠪᠠᠲᠤᠯᠠᠪᠠᠯ  《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶ᠋ᠢ ᠯᠠᠪᠲᠠᠶ ᠪᠡᠶᠡᠯᠡᠭᠦᠯᠵᠦ᠍ ᠴᠢᠳᠠᠨ᠎ᠠ᠃

ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ ᠯᠧᠨᠢᠨ᠎ᠦ ᠦᠵᠡᠯ᠎ᠦᠨ ᠨᠢᠭᠡᠳᠦᠮᠡᠯ ᠹᠷᠣᠨᠲ᠎ᠤᠨ ᠤᠨᠤᠯ᠂ ᠲᠦᠷᠦ᠍᠎ᠶ᠋ᠢᠨ ᠨᠠᠮ᠎ᠤᠨ ᠤᠨᠤᠯ᠂ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠤᠨᠤᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠭ᠍ᠰᠠᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠤᠭ᠍ᠰᠠᠨ ᠠᠭᠤᠤ ᠶᠡᠬᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠯ᠎ᠡ ᠠᠷᠠᠳᠴᠢᠯᠠᠭ᠍ᠰᠠᠨ ᠨᠠᠮ ᠪᠦᠯᠦᠭ᠂ ᠨᠠᠮ ᠪᠦᠯᠦᠭ᠎ᠦᠨ ᠪᠤᠰᠤ ᠬᠥᠮᠦᠰ᠂ ᠠᠷᠠᠳ᠎ᠤᠨ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠤᠳᠤᠷᠢᠳᠤᠨ ᠪᠦᠳᠦᠭᠡᠭᠰᠡᠨ ᠤᠯᠤᠰ ᠲᠦᠷᠦ᠍᠎ᠶ᠋ᠢᠨ ᠪᠠᠢᠭᠤᠯᠤᠯ᠎ᠤᠨ ᠲᠠᠯ᠎ᠠ᠎ᠪᠠᠷ ᠬᠢ ᠠᠭᠤᠤ ᠶᠡᠬᠡ ᠡᠭᠦᠳᠦᠯᠲᠡ ᠮᠥᠨ᠃ ᠢᠷᠡᠭᠡᠳᠦᠢ᠎ᠳᠦ ᠬᠠᠨᠳᠤᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠳ᠋ᠠᠬᠢ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠬᠦᠭᠵᠢᠭᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠵᠥᠪᠯᠡᠬᠦ᠌ ᠠᠷᠠᠳᠴᠢᠯᠠᠯ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠣᠨᠴᠠᠭᠠᠢ ᠬᠡᠯᠪᠡᠷᠢ ᠪᠠ ᠥᠪᠡᠷᠮᠢᠴᠡ ᠳᠠᠪᠠᠭᠤᠯᠢᠭ ᠮᠥᠨ᠂ ᠨᠠᠮ᠎ᠤᠨ ᠤᠯᠠᠨ ᠲᠦᠮᠡᠨᠴᠢ ᠱᠤᠭᠤᠮ᠎ᠤᠨ ᠤᠯᠤᠰ ᠲᠦᠷᠦ᠍᠎ᠶ᠋ᠢᠨ ᠬᠦᠷᠢᠶᠡᠨ᠎ᠳᠡᠬᠢ ᠴᠢᠬᠤᠯᠠ ᠢᠯᠡᠷᠡᠯ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠳ᠋ᠤ ᠡᠷᠡᠯᠬᠡᠭ᠌ᠯᠡᠨ ᠤᠷᠤᠭ᠍ᠰᠢᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠡᠷ ᠬᠦᠴᠦᠯᠡᠬᠦ᠎ᠵᠢ ᠪᠠᠷᠢᠮᠲᠠᠯᠠᠵᠤ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠢ ᠵᠥᠪᠯᠡᠬᠦ᠌ ᠪᠠᠢᠭᠤᠯᠤᠮᠵᠢ ᠪᠣᠯᠬᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠭᠦᠨᠵᠡᠭᠡᠶ ᠵᠥᠪᠳᠡᠯᠴᠡᠨ ᠦᠶ᠋ᠯᠡᠳᠦᠯᠴᠡᠬᠦ᠂ ᠰᠠᠨᠠᠯ᠎ᠢᠶᠠᠨ ᠭᠦᠶ᠋ᠴᠡᠳ ᠢᠯᠡᠳᠭᠡᠬᠦ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ ᠲᠦᠪᠱᠢᠨ᠎ᠢ ᠳᠡᠭᠡᠭ᠌ᠰᠢᠯᠡᠭᠦᠯᠵᠦ᠂ ᠵᠦᠪᠯᠡᠯᠭᠡ ᠬᠢᠬᠦ ᠳᠤᠮᠳᠠ ᠠᠷᠭ᠎ᠠ ᠭᠠᠷᠭᠠᠵᠤ᠂ ᠬᠠᠮᠲᠤ᠎ᠶ᠋ᠢᠨ ᠲᠠᠨᠢᠯᠲᠠ᠎ᠲᠠᠶ ᠪᠣᠯᠵᠤ᠂ ᠰᠡᠳᠭᠢᠯ ᠰᠡᠳᠬᠢᠯ ᠵᠢᠡᠨ ᠬᠤᠯᠪᠤᠵᠦ᠂ ᠪᠦᠯᠬᠦᠮᠳᠡᠯ᠎ᠢ ᠪᠡᠶᠡᠯᠡᠬᠦᠯᠪᠡᠯ ᠯᠠᠪᠲᠠᠶ ᠮᠠᠨ᠎ᠤ ᠤᠯᠤᠰ᠎ᠤᠨ ᠤᠯᠤᠰ ᠲᠥᠷᠥ᠎ᠶ᠋ᠢᠨ ᠳᠠᠪᠠᠭᠤᠯᠢᠭ᠂ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠠ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠶᠡᠬᠡ ᠱᠢᠪᠲᠤᠯᠤᠯᠲᠠ ᠲᠠᠶ ᠪᠣᠯᠬᠤ᠎ᠶ᠋ᠢ ᠠᠬᠢᠭᠤᠯᠵᠤ ᠴᠢᠳᠠᠨ᠎ᠠ᠃

ᠣᠳᠣᠬᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠲᠣᠭ᠍ᠲᠠᠭᠠᠯᠲᠦ ᠪᠤᠰᠤ ᠵᠢᠱ᠌ᠢᠵᠦ᠍ ᠮᠡᠳᠡᠬᠦᠶ᠎ᠡ ᠪᠡᠷᠬᠡ ᠬᠦᠴᠦᠨ ᠵᠦᠢᠯ ᠨᠡᠮᠡᠭ᠌ᠳᠡᠵᠦ᠍᠂ ᠨᠢᠭᠡᠨᠲᠡ ᠲᠣᠭ᠍ᠲᠠᠭ᠍ᠰᠠᠨ ᠬᠠᠷᠠᠯᠲᠠ᠎ᠪᠠᠨ ᠪᠡᠶᠡᠯᠡᠭᠦᠯᠵᠦ᠍᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠬᠤ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢᠨ ᠲᠤᠭᠤᠷᠢᠨ᠎ᠳᠤ ᠥᠷᠭᠡᠨ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠴᠢᠬᠤᠯᠠᠲᠠᠢ ᠪᠠᠢᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ ᠪᠠ ᠤᠯᠤᠰ᠎ᠤᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠴᠢᠳᠠᠪᠤᠷᠢᠲᠠᠨ᠎ᠢ ᠴᠤᠭ᠍ᠯᠠᠷᠠᠭᠤᠯᠬᠤ᠂ ᠤᠶᠤᠨ ᠴᠢᠳᠠᠪᠤᠷᠢ ᠲᠦᠪᠯᠡᠷᠡᠭᠰᠡᠨ ᠳᠠᠪᠠᠭᠤᠯᠢᠭ᠎ᠢ ᠪᠠᠳᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠬᠡᠷᠡᠭ᠌ᠵᠢᠭᠦᠯᠬᠦ᠌᠎ᠳᠦ ᠠᠩᠬᠠᠷᠤᠯ ᠵᠢᠡᠨ ᠲᠦᠪᠯᠡᠷᠡᠬᠦᠯᠦᠨ ᠭᠦᠨᠵᠡᠭᠡᠢ ᠵᠥᠪᠯᠡᠯᠭᠡ ᠬᠢᠵᠦ᠍ ᠲᠦᠷᠦ ᠵᠢᠨ ᠶᠠᠪᠤᠳᠠᠯ᠎ᠢ ᠵᠥᠪᠯᠡᠬᠦ᠂ ᠢᠳᠡᠪᠬᠢᠲᠡᠶ᠎ᠪᠡᠷ ᠰᠠᠨᠠᠯ ᠲᠤᠷᠠᠳᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠵᠢ ᠦᠷᠨᠢᠭᠦᠯᠵᠦ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠂ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠢᠭᠤᠯᠬᠤ ᠵᠡᠷᠭᠡ ᠴᠢᠬᠤᠯᠠ ᠶᠡᠬᠡ ᠰᠡᠳᠦᠪ᠎ᠲᠦ ᠠᠩᠬᠠᠷᠤᠯ ᠵᠢᠡᠨ ᠲᠦᠪᠯᠡᠷᠡᠬᠦᠯᠦᠨ ᠭᠦᠨᠵᠡᠭᠡᠶ ᠪᠠᠢᠴᠠᠭᠠᠨ ᠰᠤᠳᠤᠯᠤᠯᠲᠠ ᠬᠢᠵᠤ᠂ ᠪᠣᠳᠠᠲᠠᠶ᠎ᠶ᠋ᠢ ᠡᠷᠬᠢᠮᠯᠡᠬᠦ᠌ ᠲᠤᠰᠠᠲᠠᠶ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠴᠤ᠂ ᠴᠢᠨᠠᠷ ᠰᠠᠢᠲᠠᠶ ᠵᠦᠪᠯᠡᠯᠭᠡ ᠬᠢᠬᠦ᠂ ᠥᠨᠳᠥᠷ ᠲᠦᠪᠱᠢᠨ᠎ᠪᠦᠬᠦᠢ ᠰᠠᠨᠠᠯ ᠲᠤᠷᠠᠳᠤᠯᠭ᠎ᠠ ᠳᠤᠷᠠᠳᠬᠤ᠎ᠪᠡᠷ ᠳᠠᠮᠵᠢᠭᠤᠯᠤᠨ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠪᠦᠲᠦᠮᠵᠢᠲᠡᠶ ᠠᠷᠭ᠎ᠠ ᠪᠤᠳᠤᠯᠭ᠎ᠠ ᠬᠡᠷᠡᠭᠵᠢᠭᠦᠯᠬᠦ᠎ᠳᠤ ᠨᠠᠩ ᠰᠠᠢᠲᠤᠷ ᠦᠶ᠋ᠯᠡᠴᠢᠯᠡᠵᠤ᠂ ᠨᠢᠭᠡᠳᠦᠮᠡᠯ ᠹᠷᠣᠨᠲ᠎ᠤᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ᠂ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠥᠷᠥ᠎ᠶ᠋ᠢᠨ ᠦᠶ᠋ᠯᠡᠳᠦᠯ᠎ᠢ ᠪᠠᠳᠠᠷᠠᠭᠤᠯᠬᠤ ᠠᠵᠢᠯ᠎ᠤᠨ ᠲᠣᠭ᠍ᠲᠠᠴᠠ᠎ᠵᠢ ᠲᠡᠭᠦᠯᠳᠡᠷᠵᠢᠭᠦᠯᠦᠨ᠂ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ᠎ᠢ ᠬᠦᠴᠦᠯᠡᠨ ᠵᠢᠷᠤᠬᠤ ᠬᠡᠷᠡᠭᠲᠡᠢ᠃

ᠬᠠᠪᠤᠷ ᠴᠠᠭ ᠲᠦ᠍ ᠡᠷᠴᠢ ᠵᠤᠷᠢᠭ᠎ᠢᠶᠡᠨ ᠬᠦᠪᠴᠢᠯᠡᠨ᠂ ᠬᠦᠰᠡᠯ ᠡᠷᠡᠮᠡᠯᠵᠡᠯ ᠵᠦᠭ ᠡᠷᠡᠮᠡᠬᠡᠢᠯᠡᠨ ᠤᠷᠤᠭ᠍ᠰᠢᠯᠠᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠡᠷᠡᠮᠡᠬᠡᠢᠯᠡᠨ ᠲᠡᠮᠡᠴᠡᠵᠦ᠂ ᠴᠤᠴᠠᠯᠲᠠ ᠦᠭᠡᠢ ᠤᠷᠤᠭ᠍ᠰᠢᠯᠠᠨ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠱᠢᠶ᠋ᠳᠪᠦᠷᠢᠯᠡᠭ᠌ᠴᠢ ᠴᠢᠨᠠᠷᠲᠠᠶ ᠠᠬᠢᠴᠠ᠎ᠲᠠᠶ ᠪᠣᠯᠬᠤ᠎ᠶ᠋ᠢ ᠦᠨᠡᠨ᠎ᠬᠦ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠢᠷᠤᠭ ᠦᠵᠡᠮᠵᠢ ᠵᠢ ᠰᠡᠳᠭᠢᠯ ᠨᠢᠭᠡᠳᠦᠨ ᠵᠢᠷᠤᠭ᠍ᠯᠠᠰᠤᠭᠠᠢ᠃

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号