ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 11 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠤᠳᠠᠭ᠎ᠠ᠎ᠶᠢᠨ ᠬᠤᠷᠠᠯ ᠬᠢᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃
ᠬᠤᠷᠠᠯ᠎ᠳᠤ ᠣᠷᠣᠯᠴᠠᠬᠤ ᠶᠣᠰᠣᠲᠠᠢ ᠬᠦᠮᠦᠨ167 ᠬᠥᠮᠦᠨ ᠪᠠᠢᠵᠤ᠂ 164 ᠬᠥᠮᠦᠨ ᠣᠷᠣᠯᠴᠠᠵᠤ᠂ 3 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
3 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠢ ᠨᠠᠷᠢᠨ ᠬᠢᠨᠠᠮᠠᠭᠠᠶ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠭᠤᠷᠪᠠᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠬᠢᠨᠠᠨ ᠵᠥᠪᠯᠡᠵᠦ᠍᠂ ᠲᠥᠰᠦᠯ᠎ᠤᠨ ᠪᠠᠲᠤᠯᠠᠭᠤᠯᠬᠤ ᠨᠤᠤᠷᠠᠭ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠲᠤᠰ ᠲᠤᠰ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠮᠡᠳᠡᠭᠦᠯᠦᠯᠲᠡ᠂ ᠦᠨᠳᠦᠰᠦᠲᠡᠨ᠎ᠦ ᠪᠦᠯᠬᠦᠮᠳᠡᠯ ᠳᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠮᠡᠳᠡᠭᠦᠯᠦᠯᠲᠡ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠬᠤ ᠨᠤᠤᠷᠠᠭ᠎ᠲᠤ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠣᠯᠤᠨ ᠲᠥᠰᠦᠯ᠎ᠤᠨ ᠪᠠᠲᠤᠯᠠᠭᠤᠯᠬᠤ ᠨᠤᠤᠷᠠᠭ᠎ᠢ ᠪᠠᠲᠤᠯᠠᠵᠤ᠂ ᠭᠤᠷᠪᠠᠨ ᠲᠥᠰᠦᠯ᠎ᠤᠨ ᠪᠠᠲᠤᠯᠠᠭᠤᠯᠬᠤ ᠨᠤᠤᠷᠠᠭ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃
3 ᠰᠠᠷ᠎ᠠ᠎ᠶ᠋ᠢᠨ 9 ᠤ᠋ ᠦᠳᠡ᠎ᠶ᠋ᠢᠨ ᠬᠣᠢᠨ᠎ᠠ ᠪᠣᠯᠤᠨ 11 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠮᠡᠳᠡᠭᠦᠯᠦᠯᠲᠡ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠬᠤᠷᠢᠶᠠᠨ ᠳᠠᠷᠤᠭ᠎ᠠ᠎ᠶᠢᠨ ᠬᠤᠷᠠᠯ᠎ᠡᠴᠡ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠲᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠬᠤ᠎ᠶᠢᠨ ᠵᠡᠷᠭᠡ᠎ᠪᠡᠷ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶᠢᠨ 10 ᠤ᠋ ᠪᠦᠬᠦᠯᠢ ᠡᠳᠦᠷ ᠪᠣᠯᠣᠨ 11᠎ᠤ᠋ ᠦᠳᠡ᠎ᠶᠢᠨ ᠡᠮᠦᠨ᠎ᠡ᠂ ᠡᠯ᠎ᠡ ᠲᠥᠯᠥᠭᠡᠯᠡᠭᠴᠢᠳ᠎ᠦᠨ ᠪᠦᠯᠬᠦᠮ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠲᠥᠯᠥᠭᠡᠯᠡᠭᠴᠢᠳ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠥᠩᠭᠡᠷᠡᠭᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠰᠢᠳᠠ᠎ᠶᠢᠨ ᠨᠢᠭᠡ ᠵᠢᠯ᠎ᠦᠨ ᠠᠵᠢᠯ᠎ᠤᠨ ᠲᠣᠬᠢᠷᠠᠭᠤᠯᠤᠯᠲᠠ᠎ᠶᠢ ᠵᠥᠪᠰᠢᠶᠡᠷᠡᠵᠦ ᠪᠠᠢᠬᠤ᠎ᠪᠠᠨ ᠢᠯᠡᠳᠬᠡᠪᠡ᠃ ᠬᠢᠨᠠᠨ ᠵᠥᠪᠯᠡᠬᠦ ᠶᠠᠪᠤᠴᠠ᠎ᠳᠤ᠂ ᠲᠥᠯᠥᠭᠡᠯᠡᠭᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠪᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠥᠯᠥᠭᠡᠯᠡᠭᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠲᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠎ᠡᠴᠡ ᠲᠥᠯᠥᠭᠡᠯᠡᠭᠴᠢᠳ᠎ᠦᠨ ᠬᠢᠨᠠᠨ ᠵᠥᠪᠯᠡᠭᠰᠡᠨ ᠰᠠᠨᠠᠯ ᠪᠠ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭᠰᠠᠨ ᠪᠠᠢᠳᠠᠯ᠎ᠢ ᠦᠨᠳᠦᠰᠦᠯᠡᠵᠤ᠂ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢ ᠵᠥᠪᠰᠢᠶᠡᠷᠡᠬᠦ᠎ᠶᠢ ᠰᠠᠨᠠᠭᠤᠯᠬᠤ᠎ᠶᠢᠨ ᠬᠠᠮᠲᠤ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠬᠣᠶᠠᠷ ᠰᠢᠢᠳᠪᠦᠷᠢ᠎ᠶᠢᠨ ᠲᠥᠰᠥᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠎ᠪᠡᠷ ᠲᠠᠮᠵᠢᠨ᠂ ᠡᠨᠡ ᠬᠣᠶᠠᠷ ᠰᠢᠢᠳᠪᠦᠷᠢ᠎ᠶᠢᠨ ᠲᠥᠰᠥᠯ᠎ᠢ ᠡᠯ᠎ᠡ ᠲᠥᠯᠥᠭᠡᠯᠡᠭᠴᠢᠳ᠎ᠦᠨ ᠪᠦᠯᠬᠦᠮ᠎ᠳᠦ ᠳᠡᠪᠰᠢᠭᠦᠯᠵᠦ ᠬᠢᠨᠠᠨ ᠵᠥᠪᠯᠡᠭᠦᠯᠬᠦ᠎ᠪᠡᠷ ᠲᠣᠭᠲᠠᠪᠠ᠃
3 ᠰᠠᠷ᠎ᠠ᠎ᠶᠢᠨ 9᠎ᠤ᠋ ᠦᠳᠡ᠎ᠶᠢᠨ ᠬᠣᠢᠨ᠎ᠠ᠂ ᠡᠯ᠎ᠡ ᠲᠥᠯᠥᠭᠡᠯᠡᠭᠴᠢᠳ᠎ᠦᠨ ᠪᠦᠯᠬᠦᠮ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠬᠠᠤᠯᠢ ᠴᠠᠭᠠᠵᠠ᠎ᠶᠢᠨ ᠡᠮᠬᠢᠯᠡᠨ ᠲᠢᠭᠯᠡᠬᠦ ᠠᠵᠢᠯ᠎ᠤᠨ ᠪᠠᠢᠳᠠᠯ ᠪᠠ ᠬᠣᠯᠪᠣᠭᠳᠠᠯ ᠪᠦᠬᠦᠢ ᠬᠠᠤᠯᠢ ᠴᠠᠭᠠᠵᠠ ᠪᠠ ᠲᠣᠭᠲᠠᠭᠠᠯ᠎ᠢ ᠰᠢᠢᠳᠪᠦᠷᠢᠯᠡᠬᠦ ᠰᠠᠨᠠᠯ᠎ᠤᠨ ᠲᠤᠬᠠᠢ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠲᠥᠯᠥᠭᠡᠯᠡᠭᠴᠢᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠬᠠᠤᠯᠢ ᠴᠠᠭᠠᠵᠠ᠎ᠶᠢᠨ ᠡᠮᠬᠢᠯᠡᠨ ᠲᠢᠭᠯᠡᠬᠦ ᠠᠵᠢᠯ᠎ᠢ ᠭᠦᠢᠴᠡᠳ ᠨᠤᠲᠠᠯᠠᠪᠠ᠃ ᠬᠢᠨᠠᠨ ᠵᠥᠪᠯᠡᠬᠦ ᠶᠠᠪᠤᠴᠠ᠎ᠳᠤ᠂ ᠲᠥᠯᠥᠭᠡᠯᠡᠭᠴᠢᠳ ᠮᠡᠳᠡᠭᠦᠯᠦᠯᠲᠡ᠎ᠵᠢᠨ ᠲᠤᠬᠠᠢ ᠵᠠᠷᠢᠮ ᠰᠠᠨᠠᠯ ᠰᠠᠨᠠᠭᠤᠯᠭ᠎ᠠ ᠳᠤᠷᠠᠳᠪᠠ᠃ ᠬᠣᠷᠢᠶᠠᠨ ᠳᠠᠷᠤᠭ᠎ᠠ ᠵᠢᠨ ᠬᠤᠷᠠᠯ᠎ᠡᠴᠡ ᠲᠥᠯᠥᠭᠡᠯᠡᠭᠴᠢᠳ᠎ᠦᠨ ᠬᠢᠨᠠᠨ ᠵᠦᠪᠯᠡᠭᠰᠡᠨ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠳᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠲᠥᠯᠥᠭᠡᠯᠡᠭᠴᠢᠳ᠎ᠦᠨ ᠬᠢᠨᠠᠨ ᠵᠥᠪᠯᠡᠭᠰᠡᠨ ᠰᠠᠨᠠᠯ ᠪᠠ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭᠰᠠᠨ ᠪᠠᠢᠳᠠᠯ᠎ᠢ ᠦᠨᠳᠦᠰᠦᠯᠡᠵᠦ᠂ ᠡᠨᠡ ᠬᠦ᠌ ᠮᠡᠳᠡᠭᠦᠯᠦᠯᠲᠡ᠎ᠶᠢ ᠵᠥᠪᠰᠢᠶᠡᠷᠡᠬᠦ᠎ᠶᠢ ᠰᠠᠨᠠᠭᠤᠯᠬᠤ᠎ᠶᠢᠨ ᠬᠠᠮᠲᠤ ᠵᠥᠪᠰᠢᠶᠡᠷᠡᠬᠦ ᠲᠤᠬᠠᠢ ᠲᠣᠭᠲᠠᠭᠠᠯ᠎ᠤᠨ ᠲᠥᠰᠥᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠎ᠪᠡᠷ ᠳᠡᠮᠵᠢᠨ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠬᠠᠤᠯᠢ ᠴᠠᠭᠠᠵᠠ᠎ᠶᠢᠨ ᠡᠮᠬᠢᠯᠡᠨ ᠳᠢᠭᠯᠡᠬᠦ ᠠᠵᠢᠯ᠎ᠤᠨ ᠪᠠᠢᠳᠠᠯ ᠪᠠ ᠬᠣᠯᠪᠣᠭᠳᠠᠯ ᠪᠦᠬᠦᠢ ᠬᠠᠤᠯᠢ ᠴᠠᠭᠠᠵᠠ ᠪᠠ ᠲᠣᠭᠲᠠᠭᠠᠯ᠎ᠢ ᠰᠢᠢᠳᠪᠦᠷᠢᠯᠡᠬᠦ ᠰᠠᠨᠠᠯ᠎ᠤᠨ ᠲᠤᠬᠠᠢ ᠮᠡᠳᠡᠭᠦᠯᠦᠯᠲᠡ᠎ᠶᠢ ᠵᠥᠪᠰᠢᠶᠡᠷᠡᠬᠦ ᠲᠣᠭᠲᠠᠭᠠᠯ᠎ᠤᠨ ᠲᠥᠰᠥᠯ᠎ᠢ ᠡᠯ᠎ᠡ ᠲᠥᠯᠥᠭᠡᠯᠡᠭᠴᠢᠳ᠎ᠦᠨ ᠪᠦᠯᠬᠦᠮ᠎ᠳᠦ ᠳᠡᠪᠰᠢᠭᠦᠯᠵᠦ ᠬᠢᠨᠠᠨ ᠵᠦᠪᠯᠡᠭᠦᠯᠬᠦ᠎ᠪᠠᠷ ᠲᠣᠭᠲᠠᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨᠦ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠲᠥᠯᠥᠭᠡᠯᠡᠭᠴᠢᠳ᠎ᠦᠨ ᠳᠤᠷᠠᠳᠤᠭᠰᠠᠨ ᠰᠠᠨᠠᠯ ᠵᠥᠪᠯᠡᠯᠭᠡ᠎ᠶᠢ ᠰᠢᠢᠳᠪᠦᠷᠢᠯᠡᠬᠦ ᠰᠠᠨᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠪᠠ᠃ ᠯᠢᠦ ᠵᠢᠶᠦ᠋ᠨ ᠴᠧᠨ᠂ 3 ᠰᠠᠷ᠎ᠠ᠎ᠶ᠋ᠢᠨ 8 ᠤ᠋ ᠡᠳᠦᠷ᠎ᠦᠨ 12 ᠴᠠᠭ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠨᠡᠢᠲᠡ 226 ᠬᠤᠪᠢ ᠰᠠᠨᠠᠯ ᠵᠥᠪᠯᠡᠯᠭᠡ᠎ᠶ᠋ᠢ ᠬᠦᠯᠢᠶᠡᠨ ᠠᠪᠤᠪᠠ ᠂ ᠡᠭᠦᠨ᠎ᠳᠦ ᠲᠥᠯᠥᠭᠡᠯᠡᠭ᠌ᠴᠢᠳ᠎ᠦᠨ ᠪᠦᠯᠬᠦᠮ᠎ᠦᠨ ᠳᠤᠷᠠᠳᠤᠭ᠍ᠰᠠᠨ ᠰᠠᠨᠠᠯ ᠵᠥᠪᠯᠡᠯᠭᠡ 28᠂ 30 ᠡᠴᠡ ᠳᠡᠭᠡᠭ᠌ᠰᠢᠬᠢ ᠲᠥᠯᠥᠭᠡᠯᠡᠭ᠌ᠴᠢ ᠨᠡᠷ᠎ᠡ ᠬᠣᠯᠪᠣᠨ ᠳᠤᠷᠠᠳᠤᠭ᠍ᠰᠠᠨ ᠰᠠᠨᠠᠯ ᠵᠥᠪᠯᠡᠯᠭᠡ 198 ᠵᠦᠢᠯ ᠪᠤᠢ᠃ ᠡᠳᠡᠭᠡᠷ ᠰᠠᠨᠠᠯ ᠵᠥᠪᠯᠡᠯᠭᠡ ᠵᠢᠨ ᠳᠣᠲᠣᠷ᠎ᠠ᠂ ᠬᠠᠤᠯᠢ ᠲᠤᠭᠳᠠᠭᠠᠬᠤ ᠲᠠᠯ᠎ᠠ᠎ᠳᠦ ᠬᠤᠯᠪᠤᠭᠳᠠᠭᠰᠠᠨ ᠰᠠᠨᠠᠯ ᠵᠥᠪᠯᠡᠯᠭᠡ 223 ᠵᠦᠢᠯ ᠪᠤᠢ᠂ ᠡᠭᠦᠨ᠎ᠳᠦ ᠬᠠᠤᠯᠢ ᠴᠠᠭᠠᠵᠠ ᠵᠢᠨ ᠬᠡᠷᠡᠭ 222 ᠵᠦᠢᠯ᠂ 1 ᠬᠣᠯᠪᠣᠭ᠍ᠳᠠᠯ ᠪᠦᠬᠦᠢ ᠲᠣᠭ᠍ᠲᠠᠭᠠᠯ᠎ᠤᠨ ᠵᠦᠢᠯᠪᠠᠭᠳᠠᠵᠤ ᠪᠤᠢ; ᠬᠢᠨᠠᠯᠲᠠ ᠲᠠᠯᠪᠢᠬᠤ ᠲᠠᠯ᠎ᠠ᠎ᠳᠦ ᠬᠤᠯᠪᠤᠭᠳᠠᠭᠰᠠᠨ ᠰᠠᠨᠠᠯ ᠵᠦᠪᠯᠡᠭᠡ 3 ᠵᠦᠢᠯ ᠪᠤᠢ᠃ ᠠᠭᠤᠯᠭ᠎ᠠ ᠨᠢ ᠭᠣᠣᠯᠳᠠᠭᠤ᠄ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠲᠦᠷᠭᠡᠳᠭᠡᠨ ᠪᠠᠢᠭᠤᠯᠬᠤ; ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠳᠠᠭᠠᠭᠤᠯᠤᠨ ᠬᠥᠭ᠌ᠵᠢᠭᠦᠯᠬᠦ; ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ; ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ; ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ; ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠲᠤᠭᠤᠱᠢᠯᠠᠭᠤᠯᠵᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ ᠪᠠᠢᠭᠤᠯᠬᠤ; ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠠᠬᠢᠭᠤᠯᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ; ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠴᠢᠩᠭᠠᠳᠭᠠᠬᠤ᠎ᠳᠦ ᠲᠦᠪᠯᠡᠷᠡᠵᠦ ᠪᠠᠢᠨ᠎ᠠ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠢᠭᠡᠳ ᠨᠢᠭᠡ᠎ᠪᠡᠷ ᠨᠠᠷᠢᠨ ᠬᠢᠨᠠᠮᠠᠭᠠᠢ ᠵᠠᠳᠠᠯᠤᠨ ᠰᠤᠳᠤᠯᠤᠭᠠᠳ᠂ ᠲᠤᠰ ᠤᠳᠠᠭᠠᠨ᠎ᠤ ᠬᠤᠷᠠᠯ᠎ᠤᠨ ᠬᠢᠨᠠᠨ ᠵᠦᠪᠯᠡᠬᠦ ᠵᠦᠢᠯ᠎ᠳᠦ ᠣᠷᠣᠭᠤᠯᠬᠤ ᠴᠢᠬᠤᠯᠠᠲᠠᠢ ᠰᠠᠨᠠᠯ ᠵᠥᠪᠯᠡᠯᠭᠡ ᠪᠠᠢᠬᠤ ᠦᠭᠡᠢ ᠭᠡᠵᠦ᠍ ᠦᠵᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠲᠤᠰᠭᠠᠢ ᠵᠦᠪᠯᠡᠯᠳᠦ ᠲᠤᠰ ᠲᠤᠰ ᠲᠤᠱᠢᠶᠠᠨ ᠥᠭ᠌ᠴᠦ ᠬᠢᠨᠠᠨ ᠵᠦᠪᠯᠡᠭᠦᠯᠬᠦ᠎ᠪᠠᠷ ᠰᠠᠨᠠᠭᠤᠯᠪᠠ᠃ ᠡᠯ᠎ᠡ ᠲᠤᠰᠭᠠᠢ ᠵᠥᠪᠯᠡᠯ ᠳᠡᠭᠡᠷ᠎ᠡ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨᠦ ᠲᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠳᠤ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠲᠤᠰᠢᠶᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ᠎ᠤ ᠲᠠᠷᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠳᠠᠷᠤᠮᠠᠯᠯᠠᠨ ᠲᠠᠷᠬᠠᠭᠠᠨ ᠦᠭᠭᠦᠨ᠎ᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠬᠦ᠌ ᠪᠠ ᠬᠣᠯᠪᠣᠭ᠍ᠳᠠᠯ ᠪᠦᠬᠦᠢ ᠠᠵᠢᠯ᠎ᠤᠨ ᠲᠤᠬᠠᠢ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ ᠨᠠᠮ᠎ᠤᠨ ᠲᠥᠪ ᠬᠤᠷᠢᠶ᠎ᠠ ᠵᠢᠨ ᠬᠠᠤᠯᠢ ᠲᠣᠭ᠍ᠲᠠᠭᠠᠬᠤ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ᠎ᠠ; ᠴᠢᠨᠠᠷ ᠰᠠᠢᠲᠠᠶ ᠬᠠᠤᠯᠢ ᠲᠣᠭ᠍ᠲᠠᠭᠠᠬᠤ ᠪᠡᠷ ᠳᠠᠮᠵᠢᠨ ᠥᠭᠡᠷᠡᠴᠢᠯᠡᠯᠲᠡ ᠬᠥᠭ᠌ᠵᠢᠯᠲᠡ᠎ᠳᠦ ᠦᠢᠯᠡᠴᠢᠯᠡᠵᠦ ᠪᠠᠲᠤᠯᠠᠭ᠎ᠠ ᠬᠠᠨᠭᠭᠠᠬᠤ ᠵᠢ ᠪᠠᠷᠢᠮᠲᠠᠯᠠᠨ᠎ᠠ; ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ ᠭᠡᠵᠡᠢ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠪᠠᠲᠤᠯᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠧᠯᠠᠢ᠌ᠲ᠋ᠢ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)