ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠨᠡ ᠡᠳᠦᠷ ᠲᠡᠭᠦᠰᠦᠨ᠎ᠡ
2026-03-12 10:02:40
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠎ᠤ᠋ᠨ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠡᠯ᠎ᠡ ᠲᠥᠯᠥᠭᠡᠯᠡᠭ᠌ᠴᠢᠳ᠎ᠦᠨ ᠪᠦᠯᠬᠦᠮ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠭᠤᠷᠪᠠᠨ ᠱᠢᠶ᠋ᠳᠪᠦᠷᠢ᠎ᠶ᠋ᠢᠨ ᠲᠥᠰᠦᠯ ᠪᠣᠯᠤᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠠᠤᠯᠢ ᠴᠠᠭᠠᠵᠠ᠎ᠶ᠋ᠢ ᠡᠮᠬᠢᠯᠡᠨ ᠲᠢᠭ᠌ᠯᠡᠭ᠌ᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠥᠬᠥᠶ ᠬᠠᠤᠯᠢ ᠴᠠᠭᠠᠵᠠ ᠪᠠ ᠲᠣᠭ᠍ᠲᠠᠭᠠᠯ᠎ᠢ ᠱᠢᠶ᠋ᠳᠪᠦᠷᠢᠯᠡᠬᠦ᠌ ᠰᠠᠨᠠᠯ᠎ᠤᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠶ ᠲᠣᠭ᠍ᠲᠠᠭᠠᠯ᠎ᠤᠨ ᠲᠥᠰᠦᠯ᠎ᠢ ᠬᠢᠨᠠᠨ ᠵᠥᠪᠯᠡᠨ᠎ᠡ; ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠤᠳᠠᠭ᠎ᠠ᠎ᠶ᠋ᠢᠨ ᠬᠤᠷᠠᠯ᠎ᠢ ᠬᠤᠷᠠᠯᠳᠤᠭᠤᠯᠤᠨ᠎ᠠ᠃

12᠎ᠤ᠋ᠨ ᠦᠳᠡ᠎ᠶ᠋ᠢᠨ ᠬᠣᠢᠨᠠᠬᠢ 3 ᠴᠠᠭ᠎ᠲᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠭᠦ ᠬᠤᠷᠠᠯ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ ᠠᠮᠢ ᠠᠬᠤᠶ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠢ ᠪᠠᠲᠤᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠪᠠᠲᠤᠯᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠪᠠᠲᠤᠯᠠᠵᠤ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠪᠠᠲᠤᠯᠠᠵᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠶ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠵᠤ᠂ ᠬᠠᠤᠯᠢ ᠴᠠᠭᠠᠵᠠ᠎ᠶ᠋ᠢ ᠡᠮᠬᠢᠯᠡᠨ ᠲᠢᠭ᠌ᠯᠡᠭ᠌ᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠢ ᠲᠣᠭ᠍ᠲᠠᠭᠠᠯ᠎ᠤᠨ ᠲᠥᠰᠦᠯ᠎ᠢ ᠪᠠᠲᠤᠯᠠᠬᠤ ᠪᠤᠯᠤᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号