(2026 ᠣᠨ᠎ᠤ 3 ᠰᠠᠷ᠎ᠠ᠎ᠶ᠋ᠢᠨ 11 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠬᠤᠷᠢᠶ᠎ᠠ ᠵᠢᠨ ᠳᠥᠷᠪᠡᠳᠦᠭᠡᠷ ᠬᠤᠷᠠᠯ ᠡᠴᠡ ᠪᠠᠲᠤᠯᠠᠪᠠ)
ᠪᠦᠬᠦ᠌ ᠤᠯᠤᠰ᠎ᠤᠨ ᠤᠯᠤᠰ ᠲᠦᠷᠦ᠍ ᠶ᠋ᠢᠨ ᠵᠥᠪᠯᠡᠯᠭᠡᠨ ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠬᠤᠭᠤᠴᠠᠭᠠᠨ᠎ᠳᠤ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠲᠤᠰᠭᠠᠢ ᠵᠥᠪᠯᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍ ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠠ ᠤᠯᠤᠰ᠎ᠤᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ ᠢᠳᠡᠪᠬᠢᠲᠡᠢ᠎ᠪᠡᠷ ᠰᠠᠨᠠᠯ ᠲᠤᠷᠠᠳᠤᠯᠭ᠎ᠠ ᠳᠡᠪᠱᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠪᠡ᠃
3 ᠰᠠᠷ᠎ᠠ᠎ᠶ᠋ᠢᠨ 5 ᠤ᠋ ᠡᠳᠦᠷ᠎ᠦᠨ 20 ᠴᠠᠭ ᠪᠣᠯᠲᠠᠯ᠎ᠠ ᠨᠡᠢᠲᠡ 5865 ᠬᠤᠪᠢ ᠰᠠᠨᠠᠯ ᠲᠤᠷᠠᠳᠤᠯᠭ᠎ᠠ᠎ᠶ᠋ᠢ ᠬᠦᠯᠢᠶᠡᠨ ᠠᠪᠤᠪᠠ᠃ 《ᠳᠤᠮᠳᠠᠳᠤ ᠤᠯᠤᠰ ᠤᠨ ᠠᠷᠠᠳ ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠤᠷᠢᠶ᠎ᠠ ᠵᠢᠨ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠲᠦᠷᠢᠮ》 ᠢ᠋ ᠦᠨᠳᠦᠰᠦᠯᠡᠨ ᠬᠢᠨᠠᠨ ᠪᠠᠢᠴᠠᠭᠠᠭᠠᠳ 5005 ᠬᠤᠪᠢ ᠰᠠᠨᠠᠯ ᠲᠤᠷᠠᠳᠤᠯᠭ᠎ᠠ ᠵᠢ ᠲᠠᠩᠰᠠᠯᠠᠵᠤ᠂ 451 ᠬᠤᠪᠢ ᠰᠠᠨᠠᠯ ᠲᠤᠷᠠᠳᠤᠯᠭ᠎ᠠ᠎ᠶ᠋ᠢ ᠨᠡᠢᠯᠡᠭᠦᠯᠵᠦ᠂ 409 ᠬᠤᠪᠢ ᠵᠢ ᠨᠢ ᠰᠠᠨᠠᠯ ᠪᠠ ᠰᠠᠨᠠᠭᠤᠯᠭ᠎ᠠ ᠪᠣᠯᠭᠠᠨ ᠬᠤᠪᠢᠷᠠᠭᠤᠯᠪᠠ᠃
ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ᠂ ᠭᠡᠱᠢᠭᠦᠳ᠎ᠦᠨ ᠰᠠᠨᠠᠯ ᠳᠤᠷᠠᠳᠤᠯᠭ᠎ᠠ 4502 ᠬᠤᠪᠢ ᠪᠠᠢᠵᠤ᠂ 89.9% ᠵᠢ ᠡᠵᠡᠯᠡᠪᠡ; ᠬᠠᠮᠲᠤ᠎ᠶ᠋ᠢᠨ ᠰᠠᠨᠠᠯ ᠳᠤᠷᠠᠳᠤᠯᠭ᠎ᠠ 503 ᠬᠤᠪᠢ ᠪᠠᠢᠵᠤ᠂ 10.1% ᠵᠢ ᠡᠵᠡᠯᠡᠪᠡ᠃ ᠡᠭᠦᠨ᠎ᠳᠦ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 2103 ᠬᠤᠪᠢ ᠪᠠᠢᠵᠤ᠂ 42.0% ᠢ᠋ ᠡᠵᠡᠯᠡᠪᠡ; ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 453 ᠬᠤᠪᠢ ᠪᠠᠢᠵᠤ᠂ 9.1% ᠶ᠋ᠢ ᠡᠵᠡᠯᠡᠪᠡ; ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 528 ᠬᠤᠪᠢ ᠪᠠᠢᠵᠤ᠂ 10.6% ᠶ᠋ᠢ ᠡᠵᠡᠯᠡᠪᠡ; ᠨᠡᠢᠭᠡᠮ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 1334 ᠬᠤᠪᠢ ᠪᠠᠢᠵᠤ᠂ 26.6% ᠶ᠋ᠢ ᠡᠵᠡᠯᠡᠪᠡ; ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 587 ᠬᠤᠪᠢ ᠪᠠᠢᠵᠤ᠂ 11.7 % ᠵᠢ ᠡᠵᠡᠯᠡᠪᠡ᠃
ᠲᠤᠰ ᠤᠳᠠᠭ᠎ᠠ ᠶᠢᠨ ᠬᠤᠷᠠᠯ᠎ᠤᠨ ᠰᠠᠨᠠᠯ ᠳᠤᠷᠠᠳᠤᠯᠭ᠎ᠠ᠎ᠨᠢ ᠳᠣᠣᠷᠠᠬᠢ ᠮᠡᠲᠦ ᠣᠨᠴᠠᠯᠢᠭ᠎ᠲᠠᠶ᠄ ᠨᠢᠭᠡ ᠳᠦ᠂ ᠠᠭᠤᠯᠭ᠎ᠠ ᠨᠢ ᠨᠡᠩ ᠲᠥᠪᠯᠡᠷᠡᠩᠭᠦᠶ ᠪᠣᠯᠪᠠ᠃ ᠭᠡᠱᠢᠭᠦᠳ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ ᠶ᠋ᠢ ᠬᠡᠷᠡᠭ᠌ᠵᠢᠭᠦᠯᠬᠦ᠌ ᠲᠡᠶ ᠨᠢᠭ᠍ᠲᠠ ᠤᠶᠠᠯᠳᠤᠭᠤᠯᠵᠤ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠠᠯᠤᠰ ᠤᠨ ᠬᠠᠷᠡᠴᠠ ᠬᠤᠯᠡ᠎ᠬᠢ ᠪᠤᠳᠤᠯ ᠲᠠᠢ ᠦᠵᠠᠯᠳᠠ᠎ᠪᠡᠨ ᠳᠤᠷᠠᠳᠴᠤ᠌᠂ ᠤᠯᠤᠰ᠎ᠤᠨ ᠲᠥᠯᠥᠭᠡ ᠲᠤᠰᠢᠶᠠᠯ᠎ᠢᠶᠡᠨ ᠭᠦᠢᠴᠡᠳᠭᠡᠵᠦ᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠢᠯᠡᠷᠡᠭᠦᠯᠪᠡ᠃ ᠬᠣᠶᠠᠷ᠎ᠲᠤ᠂ ᠶᠠᠰᠤ ᠴᠢᠨᠠᠷ ᠦᠷᠭᠦᠯᠵᠢᠯᠡᠨ ᠳᠡᠭᠡᠭ᠌ᠰᠢᠯᠡᠪᠡ᠃ ᠭᠡᠱᠢᠭᠦᠳ ᠰᠠᠨᠠᠯ ᠳᠤᠷᠠᠳᠤᠯᠭ᠎ᠠ ᠠᠷᠪᠢᠨ ᠳᠠᠭᠠᠨ ᠪᠢᠰᠢ ᠬᠠᠷᠢᠨ ᠨᠠᠷᠢᠯᠢᠭ ᠤᠨᠤᠪᠴᠢᠳᠠᠢ ᠪᠠᠢᠬᠤ᠎ᠳᠦ ᠪᠤᠢ ᠬᠡᠰᠡᠨ ᠣᠢᠯᠠᠭᠠᠭ᠍ᠳᠠᠬᠤᠨ᠎ᠢ ᠴᠢᠩᠭᠠᠳᠭᠠᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠣᠨᠣᠪᠴᠢᠲᠠᠢ᠎ᠪᠠᠷ ᠰᠠᠨᠠᠭᠤᠯᠭ᠎ᠠ ᠳᠤᠷᠠᠳᠴᠤ᠌᠂ ᠰᠠᠨᠠᠯ ᠳᠤᠷᠠᠳᠤᠯᠭ᠎ᠠ᠎ᠶ᠋ᠢᠨ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠡᠷᠡᠭ᠌ᠵᠢᠭᠦᠯᠵᠦ᠍ ᠪᠣᠯᠬᠤᠢᠴᠠ ᠴᠢᠨᠠᠷᠢ᠋ᠢᠡᠨ ᠲᠠᠰᠤᠷᠠᠯᠳᠠ ᠦᠭᠡᠢ ᠴᠢᠩᠭᠠᠳᠬᠠᠪᠠ᠃ ᠭᠤᠷᠪᠠ᠎ᠳᠤ᠂ ᠠᠷᠠᠳ ᠤᠨ ᠠᠮᠢᠳᠤᠷᠠᠯ᠎ᠤᠨ ᠬᠠᠢᠷ᠎ᠠ ᠰᠡᠳᠬᠢᠯᠭᠡ᠎ᠵᠢ ᠲᠤᠰᠬᠠᠪᠠ᠃ ᠭᠡᠱᠢᠭᠦᠳ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠤᠯᠠᠨ ᠲᠦᠮᠡᠨ ᠤ ᠨᠡᠢᠳᠡᠮ ᠠᠩᠬᠠᠷᠴᠤ᠌ ᠪᠠᠢᠭ᠎ᠠ ᠠᠰᠠᠭᠤᠳᠠᠯ᠎ᠲᠠᠶ ᠤᠶᠠᠯᠳᠤᠭᠤᠯᠤᠨ ᠰᠠᠨᠠᠯ ᠳᠤᠷᠠᠳᠤᠯᠭ᠎ᠠ ᠳᠤᠷᠠᠳᠴᠤ᠌᠂ ᠠᠷᠠᠳ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠢ ᠪᠣᠳᠠᠲᠠᠢ᠎ᠶ᠋ᠢ ᠡᠷᠬᠢᠮᠯᠡᠭᠰᠡᠨ ᠰᠠᠨᠠᠯ ᠲᠤᠷᠠᠳᠤᠯᠭ᠎ᠠ ᠪᠣᠯᠭᠠᠨ ᠬᠤᠪᠢᠷᠠᠭᠤᠯᠵᠤ᠂ ᠠᠷᠠᠳ ᠲᠦᠮᠡᠨ᠎ᠦ ᠲᠥᠯᠥᠭᠡ ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ᠎ᠪᠡᠨ ᠢᠯᠡᠷᠡᠭᠦᠯᠪᠡ᠃ ᠳᠥᠷᠪᠡ᠎ᠳᠦ᠂ ᠡᠲᠡᠭᠡᠳ ᠢᠯᠭᠠᠯ᠎ᠤᠨ ᠳᠠᠪᠠᠭᠤᠯᠢᠭ᠎ᠢ ᠢᠯᠡᠷᠡᠭᠦᠯᠪᠡ᠃ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ᠂ ᠡᠯ᠎ᠡ ᠲᠤᠰᠭᠠᠢ ᠵᠥᠪᠯᠡᠯ ᠪᠠ ᠡᠯ᠎ᠡ ᠡᠲᠡᠭᠡᠳ ᠢᠯᠭᠠᠯ᠂ ᠭᠡᠱᠢᠭᠦᠳ᠎ᠦᠨ ᠳᠤᠭᠤᠢᠯᠠᠩ ᠡᠲᠡᠭᠡᠳ ᠢᠯᠭᠠᠯ᠎ᠤᠨ ᠥᠪᠡᠷᠮᠢᠴᠡ ᠣᠨᠴᠠᠯᠢᠭ᠎ᠤᠨ ᠳᠠᠪᠠᠭᠤᠯᠢᠭ᠎ᠢ ᠪᠠᠳᠠᠷᠠᠭᠤᠯᠬᠤ ᠶ᠋ᠢ ᠴᠢᠬᠤᠯᠠᠴᠢᠯᠠᠵᠤ᠂ ᠭᠦᠨᠵᠡᠭᠡᠢ ᠵᠥᠪᠳᠡᠯᠴᠡᠭ᠌ᠰᠡᠨ ᠰᠠᠭᠤᠷᠢᠨ ᠳᠡᠭᠡᠷ᠎ᠡ ᠬᠠᠮᠲᠤ᠎ᠶ᠋ᠢᠨ ᠰᠠᠨᠠᠯ ᠳᠤᠷᠠᠳᠤᠯᠭ᠎ᠠ᠎ᠶ᠋ᠢ ᠳᠤᠷᠠᠳᠴᠤ᠌᠂ ᠡᠯ᠎ᠡ ᠡᠲᠡᠭᠡᠳ᠎ᠦᠨ ᠤᠶᠤᠨ ᠤᠬᠠᠭᠠᠨ ᠢ ᠥᠷᠭᠡᠨ᠎ᠢᠶᠡᠷ ᠨᠢᠭ᠍ᠲᠠᠷᠠᠭᠤᠯᠵᠤ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃
ᠶᠡᠬᠡ ᠬᠤᠷᠠᠯ ᠲᠡᠭᠦᠰᠦᠭ᠌ᠰᠡᠨ᠎ᠦ ᠲᠠᠷᠠᠭ᠎ᠠ ᠰᠠᠨᠠᠯ ᠳᠤᠷᠠᠳᠤᠯᠭ᠎ᠠ᠎ᠶ᠋ᠢ ᠳᠠᠭᠠᠭᠠᠵᠤ ᠱᠢᠢᠳᠪᠦᠷᠢᠯᠡᠬᠦ᠌ ᠨᠢᠭᠡᠴᠢ᠎ᠳᠦ ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠪᠣᠯᠤᠨ᠎ᠠ᠃ ᠲᠤᠰ ᠤᠳᠠᠭ᠎ᠠ᠎ᠶᠢᠨ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠳᠤᠷᠠᠳᠭᠤᠬᠤᠭᠤᠴᠠᠭᠠ ᠳᠠᠭᠤᠰᠤᠭᠰᠠᠨ᠎ᠤ ᠳᠠᠷᠠᠭ᠎ᠠ ᠬᠤᠷᠢᠶᠠᠵᠤ ᠣᠯᠤᠭ᠍ᠰᠠᠨ ᠰᠠᠨᠠᠯ ᠳᠤᠷᠠᠳᠤᠯᠭ᠎ᠠ ᠶ᠋ᠢ ᠡᠩ ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠡᠷ ᠴᠠᠭ ᠲᠤᠬᠠᠢᠳᠤᠨᠢ ᠬᠢᠨᠠᠨ ᠪᠠᠢᠴᠠᠭᠠᠵᠤ ᠱᠢᠢᠳᠪᠦᠷᠢᠯᠡᠨ᠎ᠡ᠃
ᠳᠡᠭᠡᠷᠡᠬᠢ ᠮᠡᠳᠡᠭᠦᠯᠦᠯᠲᠡ᠎ᠶ᠋ᠢ ᠬᠢᠨᠠᠨ ᠵᠦᠪᠯᠡᠬᠦ ᠪᠣᠯᠪᠠᠤ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)