(2026 ᠣᠨ᠎ᠤ 3 ᠰᠠᠷ᠎ᠠ᠎ᠶ᠋ᠢᠨ 11 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ᠎ᠤᠨ ᠬᠤᠷᠢᠶ᠎ᠠ᠎ᠵᠢᠨ ᠳᠥᠷᠪᠡᠳᠦᠭᠡᠷ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ᠎ᠤᠨ ᠬᠤᠷᠢᠶ᠎ᠠ᠎ᠵᠢᠨ ᠳᠥᠷᠪᠡᠳᠦᠭᠡᠷ ᠬᠤᠷᠠᠯ 2026 ᠣᠨ᠎ᠤ 3 ᠰᠠᠷ᠎ᠠ᠎ᠶ᠋ᠢᠨ 4 ᠡᠴᠡ 11 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠤ᠂ ᠭᠡᠱᠢᠭᠦᠳ᠎ᠲᠡᠶ ᠬᠠᠮᠳᠤ ᠪᠡᠷ ᠤᠯᠤᠰ᠎ᠤᠨ ᠶᠡᠬᠡ ᠶᠠᠪᠤᠳᠠᠯ᠎ᠢ ᠵᠥᠪᠯᠡᠪᠡ᠃ ᠬᠤᠷᠠᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠪᠣᠳᠠᠲᠠᠢ᠎ᠶ᠋ᠢ ᠡᠷᠬᠢᠮᠯᠡᠨ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠡᠯ᠎ᠡ ᠵᠦᠢᠯ᠎ᠦᠨ ᠵᠥᠪᠯᠡᠬᠦ᠌ ᠵᠦᠢᠯᠵᠢᠡᠨ ᠪᠡᠶᠡᠯᠡᠭᠦᠯᠵᠦ᠍᠂ ᠴᠢᠬᠤᠯᠠ ᠦᠷ᠎ᠡ ᠪᠦᠲᠦᠭᠡᠯ ᠤᠯᠪᠠ᠃
ᠬᠤᠷᠠᠯ᠎ᠡᠴᠡ ᠸᠠᠩ ᠬᠤ᠌ ᠨᠢᠩ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠵᠢᠨ ᠪᠠᠢᠩᠭᠤ᠎ᠶ᠋ᠢᠨ ᠬᠣᠷᠢᠶ᠎ᠠ᠎ᠶ᠋ᠢᠨ ᠡᠮᠦᠨ᠎ᠡ ᠡᠴᠡ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠾᠧ ᠪᠦᠦ ᠱᠢᠶᠠᠩ᠎ᠤᠨ ᠬᠢᠭ᠌ᠰᠡᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠃ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠰᠤᠯᠠ ᠣᠷᠣᠯᠴᠠᠵᠤ᠂ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ ᠤ ᠠᠵᠢᠯ ᠤᠨ ᠢᠯᠡᠳᠭᠡᠯ᠎ᠢ ᠰᠤᠨᠤᠰᠤᠨ ᠶᠠᠷᠢᠯᠴᠠᠵᠤ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ᠎ᠢ ᠶᠠᠷᠢᠯᠴᠠᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠨ ᠶᠠᠷᠢᠯᠴᠠᠵᠤ᠂ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ ᠤᠨ ᠬᠥᠭ᠌ᠵᠢᠯᠲᠡ ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ ᠵᠡᠷᠭᠡ᠎ᠶ᠋ᠢ ᠶᠠᠷᠢᠯᠴᠠᠵᠤ᠂ ᠵᠥᠪᠱᠢᠶᠡᠷᠡᠵᠦ ᠪᠠᠢᠬᠤ ᠪᠠᠨ ᠢᠯᠡᠳᠭᠡᠭᠰᠡᠨ ᠪᠥᠭᠡᠳ ᠰᠠᠨᠠᠯ ᠰᠠᠨᠠᠭᠤᠯᠭᠠᠲᠤᠷᠠᠳᠴᠠᠢ᠃
ᠬᠤᠷᠠᠯ᠎ᠡᠴᠡ᠂ 2025 ᠣᠨ ᠪᠣᠯ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠᠬᠢ ᠴᠢᠬᠤᠯᠠ ᠠᠴᠢ ᠬᠣᠯᠪᠣᠭ᠍ᠳᠠᠯ᠎ᠲᠠᠶ ᠨᠢᠭᠡ ᠵᠢᠯ ᠪᠣᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍ ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ ᠮᠠᠨ᠎ᠤ ᠤᠯᠤᠰ᠎ᠤᠨ ᠠᠵᠤ ᠠᠬᠤᠶ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠲᠡᠢᠰᠢ ᠱᠢᠯᠢᠳᠡᠭ᠌ᠵᠢᠨ ᠬᠥᠭ᠌ᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠲᠠᠯ᠎ᠠ ᠪᠡᠷ ᠡᠯᠪᠡᠭ ᠦᠷ᠎ᠡ ᠪᠦᠲᠦᠭᠡᠯ ᠣᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠦᠰᠦᠨ ᠪᠣᠢᠵᠢᠵᠤ᠂ ᠥᠭᠡᠷᠡᠴᠢᠯᠡᠯᠲᠡ ᠨᠡᠭᠡᠭᠡᠯᠲᠡ ᠱᠢᠨ᠎ᠡ ᠠᠯᠬᠤᠮ ᠢ ᠠᠯᠬᠤᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠠᠩ ᠬᠦᠴᠦᠲᠡᠶ ᠪᠣᠯᠵᠣ᠂ ᠨᠡᠢᠭᠡᠮ ᠦᠨ ᠶᠡᠬᠡ ᠲᠠᠯ᠎ᠠ ᠲᠣᠭ᠍ᠲᠠᠭᠤᠨ ᠪᠠᠢᠵᠤ᠂ ᠨᠠᠮ᠎ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠢᠵᠢᠷᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠳᠠᠪᠠᠯᠭᠠᠨ᠎ᠢ ᠵᠦᠰᠦᠨ ᠤᠷᠤᠭ᠍ᠰᠢᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠶ ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠶ ᠪᠣᠳᠠᠲᠤ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ ᠢᠯᠠᠯᠲᠠ᠎ᠲᠠᠶ᠎ᠪᠠᠷ ᠬᠤᠷᠠᠯᠳᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ᠂ ᠦᠨᠳᠦᠰᠦᠲᠡᠨ᠎ᠦ ᠵᠣᠷᠢᠭ ᠰᠠᠨᠠᠭ᠎ᠠ ᠶ᠋ᠢ ᠲᠤᠢᠯ᠎ᠤᠨ ᠶᠡᠬᠡᠪᠡᠷ ᠬᠦᠪᠴᠢᠯᠡᠵᠤ᠂ ᠤᠯᠤᠰ᠎ᠢᠶᠡᠨ ᠬᠠᠢᠷᠠᠯᠠᠬᠤ ᠬᠠᠯᠠᠭᠤᠨ ᠰᠡᠳᠭᠢᠯᠭᠡ ᠶ᠋ᠢ ᠬᠦᠭᠵᠢᠬᠡᠵᠤ᠂ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠪᠠ ᠭᠡᠵᠦ ᠦᠵᠡᠪᠡ᠃
ᠬᠤᠷᠠᠯ᠎ᠡᠴᠡ᠂ ᠮᠠᠨ᠎ᠤ ᠤᠯᠤᠰ ᠲᠤᠢᠯ ᠤᠨ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠳᠣᠣᠷ᠎ᠠ ᠲᠤᠢᠯ᠎ᠤᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ ᠵᠢ ᠣᠯᠵᠤ ᠴᠢᠳᠠᠭ᠍ᠰᠠᠨ᠎ᠤ ᠦᠨᠳᠦᠰᠦᠨ ᠱᠢᠯᠲᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠢ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠵᠤ᠂ ᠰᠢ ᠵᠢᠨ ᠫᠢᠩ ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠤ ᠪᠠᠢᠨ᠎ᠠ᠃ ᠪᠦᠬᠦ᠌ ᠤᠯᠤᠰ ᠤᠨ ᠦᠨᠳᠦᠰᠦᠲᠡᠨ᠎ᠨᠦᠭᠦᠳ ᠦᠨ ᠠᠷᠠᠳ ᠲᠦᠮᠡᠨ ᠬᠦᠴᠢᠷ ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠬᠤ ᠳᠤᠮᠳᠠ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠠᠵᠤ ᠠᠬᠤᠢ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠦᠨ ᠤᠷᠲᠤ ᠬᠤᠭᠤᠴᠠᠭᠠᠨ ᠤ ᠲᠣᠭ᠍ᠲᠠᠭᠤᠨ ᠬᠣᠶᠠᠷ ᠶᠡᠬᠡ ᠭᠠᠢᠬᠠᠮᠱᠢᠭ᠎ᠢ ᠦᠷᠭᠦᠯᠵᠢᠯᠡᠨ ᠪᠢᠴᠢᠭ᠌ᠯᠡᠬᠦ᠌᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠢᠲᠡᠭᠡᠯ ᠵᠣᠷᠢᠭ᠎ᠢᠶᠠᠨ ᠨᠡᠩ ᠪᠠᠲᠤᠳᠭᠠᠪᠠ ᠭᠡᠵᠦ ᠦᠵᠡᠪᠡ᠃
ᠬᠤᠷᠠᠯ ᠡᠴᠡ᠂ ᠥᠩᠭᠡᠷᠡᠭ᠌ᠰᠡᠨ ᠨᠢᠭᠡ ᠵᠢᠯ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠢ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠢ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠡᠯ᠎ᠡ ᠵᠦᠢᠯ᠎ᠦᠨ ᠠᠵᠢᠯ᠎ᠢ ᠶᠡᠷᠦᠩᠬᠡᠢᠯᠡᠨ ᠵᠢᠯᠣᠭᠣᠳᠤᠭᠤᠯᠬᠤ ᠶᠡᠷᠦᠩᠬᠡᠢ ᠬᠥᠲᠥᠯᠪᠦᠷᠢ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠣᠨᠣᠯ᠎ᠤᠨ ᠰᠤᠷᠤᠯᠴᠠᠯᠭ᠎ᠠ᠂ ᠰᠤᠳᠤᠯᠭᠠᠨ᠂ ᠪᠣᠯᠪᠠᠰᠤᠷᠠᠯ᠎ᠢ ᠪᠠᠢᠩᠭᠤᠵᠢᠭᠤᠯᠤᠨ ᠠᠬᠢᠭᠤᠯᠵᠤ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢ ᠲᠣᠭ᠍ᠲᠠᠭᠠᠬᠤ᠎ᠵᠢᠨ ᠲᠤᠭᠤᠷᠢᠨ᠎ᠳᠦ ᠰᠠᠨᠠᠯ ᠲᠤᠷᠠᠳᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰᠭᠠᠢ ᠵᠦᠪᠯᠡᠯ᠎ᠤᠨ ᠰᠠᠭᠤᠷᠢᠯᠠᠬᠤ ᠴᠢᠨᠠᠷᠲᠠᠢ ᠦᠢᠯᠡᠳᠦᠯ᠂ ᠡᠲᠡᠭᠡᠳ ᠢᠯᠭᠠᠯ᠎ᠤᠨ ᠣᠨᠴᠠᠯᠢᠭ ᠦᠢᠯᠡᠳᠦᠯ ᠪᠠ ᠭᠡᠱᠢᠭᠦᠳ᠎ᠦᠨ ᠭᠤᠤᠯ ᠴᠣᠭ᠍ᠴᠠ᠎ᠶ᠋ᠢᠨ ᠦᠶ᠋ᠯᠡᠳᠦᠯ ᠢ᠋ ᠪᠠᠳᠠᠷᠠᠭᠤᠯᠬᠤ ᠵᠢ ᠴᠢᠬᠤᠯᠠᠴᠢᠯᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠡᠯ᠎ᠡ ᠵᠦᠢᠯ᠎ᠦᠨ ᠠᠵᠢᠯ ᠱᠢᠨ᠎ᠡ ᠦᠷ᠎ᠡ ᠪᠦᠲᠦᠮᠵᠢ ᠣᠯᠪᠠ ᠭᠡᠵᠦ ᠦᠵᠡᠪᠡ᠃
ᠬᠤᠷᠠᠯ᠎ᠡᠴᠡ᠂ 2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ ᠶ᠋ᠢ ᠪᠠᠷᠢᠮᠲᠠᠯᠠᠨ᠂ ᠪᠦᠯᠬᠦᠮᠳᠡᠯ ᠪᠠ ᠠᠷᠠᠳᠴᠢᠯᠠᠯ ᠭᠡᠬᠦ᠌ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠭᠣᠣᠯ ᠠᠵᠢᠯ᠎ᠲᠠᠶ ᠤᠶᠠᠯᠳᠤᠭᠤᠯᠤᠨ᠂ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ ᠪᠣᠯᠬᠤ ᠦᠢᠯᠡᠳᠦᠯ᠎ᠢ ᠪᠠᠳᠠᠷᠠᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠡᠶ ᠨᠢᠭ᠍ᠲᠠ ᠤᠶᠠᠯᠳᠤᠭᠤᠯᠤᠨ ᠰᠠᠨᠠᠯ ᠲᠤᠷᠠᠳᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠥᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌᠎ᠪᠡᠨ ᠴᠢᠩᠭᠠᠳᠭᠠᠨ᠂ ᠲᠤᠰᠭᠠᠢ ᠰᠡᠳᠦᠪᠲᠦ ᠰᠤᠳᠤᠯᠭᠠᠨ ᠢ ᠰᠠᠢᠲᠤᠷ ᠬᠢᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠶ᠋ᠢ ᠥᠷᠨᠢᠭᠦᠯᠦᠨ᠂ ᠨᠡᠢᠭᠡᠮ ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠦᠨᠡᠨ᠎ᠡᠴᠡ ᠵᠥᠪ ᠢ ᠡᠷᠢᠨ ᠲᠤᠰᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠷᠭᠡᠨ᠎ᠢᠶᠡᠷ ᠬᠥᠮᠦᠰ ᠦᠨ ᠰᠡᠳᠭᠢᠯ᠎ᠢ ᠨᠢᠬᠳᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ ᠢ ᠨᠢᠭ᠍ᠲᠠᠷᠠᠭᠤᠯᠤᠨ᠂ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠪᠦᠯᠬᠦᠮᠳᠡᠯ ᠪᠣᠯ ᠳᠠᠷᠤᠢ ᠬᠦᠴᠦᠨ᠂ ᠲᠡᠮᠡᠴᠡᠯ ᠰᠠᠶᠢ ᠢᠷᠡᠭᠡᠳᠦᠢ᠎ᠶᠢ ᠡᠬᠦᠳᠦᠨ ᠨᠡᠭᠡᠭᠡᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠠᠤᠭ᠎ᠠ ᠲᠥᠰᠥᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ ᠥᠷᠭᠡᠨ᠎ᠢᠶᠡᠷ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠦᠷᠭᠦᠯᠵᠢᠯᠡᠨ ᠪᠦᠯᠬᠦᠮᠳᠡᠨ ᠲᠡᠮᠡᠴᠡᠬᠦ ᠴᠢᠬᠤᠯᠠᠲᠠᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠬᠠᠮᠤᠭ᠎ᠤᠨ ᠥᠷᠭᠡᠨ ᠳᠡᠯᠭᠡᠷ ᠤᠯᠤᠰ ᠵᠢᠡᠨ ᠬᠠᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠢᠭᠤᠯᠤᠯᠲᠠ ᠪᠣᠯᠬᠤ ᠤᠯᠤᠰ ᠲᠦᠷᠦ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠲᠦᠷᠦ᠎ᠶᠢᠨ ᠪᠣᠳᠣᠯᠭ᠎ᠠ᠎ᠶᠢ ᠤᠬᠠᠭᠤᠯᠬᠤ᠂ ᠰᠡᠵᠢᠭ᠎ᠢ ᠠᠯᠳᠠᠷᠠᠭᠠᠨ ᠲᠥᠭᠡᠷᠢᠭᠳᠡᠯ᠎ᠢ ᠲᠠᠢᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ᠋᠎ᠢ ᠪᠠᠲᠤᠳᠬᠠᠬᠤ ᠠᠵᠢᠯ᠎ᠢ ᠢᠯᠡᠭᠦᠬᠡᠨ ᠬᠢᠵᠦ᠂ ᠥᠭᠡᠷᠡᠴᠢᠯᠡᠯᠲᠡ ᠬᠥᠭᠵᠢᠯᠲᠡ᠎ᠶᠢᠨ ᠭᠣᠣᠯ ᠬᠦᠭ ᠠᠶᠠᠰ ᠢ ᠴᠤᠤᠷᠢᠶᠠᠲᠤᠭᠤᠯᠵᠤ᠂ ᠪᠦᠯᠬᠦᠮᠳᠡᠨ ᠲᠡᠮᠡᠴᠡᠬᠦ ᠢᠳᠡᠪᠬᠢ ᠬᠦᠴᠦᠨ ᠢ ᠨᠢᠭ᠍ᠲᠠᠷᠠᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠰᠢᠨ᠎ᠡ ᠬᠡᠯᠪᠡᠷᠢ ᠵᠢᠨ ᠲᠥᠷᠥ ᠶᠢᠨ ᠨᠠᠮ ᠤᠨ ᠳᠦᠷᠢᠮ᠎ᠢ ᠰᠠᠢᠲᠤᠷ ᠪᠠᠷᠢᠮᠲᠠᠯᠠᠵᠤ᠂ ᠰᠠᠢᠲᠤᠷ ᠬᠥᠭᠵᠢᠭᠦᠯᠤᠨ᠂ ᠰᠠᠢᠲᠤᠷ ᠲᠡᠭᠦᠯᠳᠡᠷᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠨᠠᠮ᠎ᠤᠨ ᠭᠠᠳᠠᠨᠠᠬᠢ ᠰᠡᠬᠡᠭᠡᠲᠡᠨ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠮᠥᠰ᠂ ᠨᠡᠢᠭᠡᠮ᠎ᠦᠨ ᠰᠢᠨ᠎ᠡ ᠳᠠᠪᠬᠤᠷᠭ᠎ᠠ᠎ᠶᠢᠨ ᠬᠥᠮᠥᠰ ᠯᠦ᠍ᠭᠡ᠎ᠶᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭᠠᠳᠬᠠᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》᠂ 《ᠰᠢᠶᠠᠨᠭᠭᠠᠨᠭᠴᠤᠳ ᠰᠢᠶᠠᠩᠭᠠᠩ ᠵᠢᠡᠨ ᠵᠠᠰᠠᠬᠤ》᠂ 《ᠣᠣᠮᠧᠨᠴᠤᠳ ᠣᠣᠮᠧᠨ ᠵᠢᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭᠯᠡᠯᠲᠡ᠎ᠶᠢ ᠭᠤᠢᠪᠢᠰᠢ ᠦᠭᠡᠢ ᠲᠤᠭᠤᠰᠢᠯᠠᠭᠤᠯᠵᠤ᠂ ᠡᠬᠡ ᠤᠯᠤᠰ᠎ᠢᠶᠠᠨ ᠨᠢᠭᠡᠳᠬᠡᠬᠦ ᠶᠡᠬᠡ ᠦᠢᠯᠡᠰ ᠢ ᠭᠤᠢᠪᠢᠰᠢ ᠦᠭᠡᠢ ᠠᠬᠢᠭᠤᠯᠵᠤ᠂ ᠳᠤᠮᠳᠠᠳᠤ ᠵᠢᠨ ᠬᠠᠷᠢᠶᠠᠲᠤ ᠨᠠᠷ ᠤᠨ ᠰᠡᠳᠬᠢᠯ ᠵᠢᠷᠦᠬᠡ ᠬᠦᠴᠦᠨ ᠴᠢᠳᠠᠯ ᠤᠶᠤᠨ ᠤᠬᠠᠭᠠᠨ᠎ᠢ ᠨᠡᠩ ᠰᠠᠢᠲᠤᠷ ᠨᠢᠭ᠍ᠲᠠᠷᠠᠭᠤᠯᠵᠤ᠂ ᠭᠠᠳᠠᠭᠠᠳᠤ ᠯᠤᠭ᠎ᠠ᠎ᠶᠢᠨ ᠨᠥᠬᠥᠷᠰᠡᠭ ᠶᠠᠪᠤᠯᠴᠠᠭ᠎ᠠ᠎ᠶᠢ ᠢᠳᠡᠪᠬᠢᠲᠡᠢ ᠥᠷᠨᠢᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠠᠮᠤᠭ᠎ᠤᠨ ᠶᠡᠬᠡ ᠢᠵᠢᠯᠢ ᠲᠥᠪ᠎ᠲᠦ ᠲᠣᠭᠣᠷᠢᠭ᠋᠎ᠢ ᠰᠠᠢᠲᠤᠷ ᠵᠢᠷᠤᠭᠯᠠᠬᠤ ᠬᠡᠷᠡᠭᠳᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠤᠯᠤᠰ᠎ᠤᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ ᠲᠦᠮᠡᠨ᠎ᠦ ᠲᠥᠯᠥᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ᠎ᠪᠡᠨ ᠪᠠᠲᠤ ᠰᠠᠬᠢᠵᠤ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠬᠡᠵᠢᠶᠡᠳᠡ ᠦᠯᠦ ᠴᠠᠯᠠᠭᠠᠢᠳᠠᠬᠤ ᠵᠤᠷᠢᠭ ᠰᠠᠨᠠᠭ᠎ᠠ ᠤᠪᠤᠷ ᠪᠠᠢᠳᠠᠯ ᠵᠢᠡᠨ ᠪᠠᠲᠤᠯᠠᠵᠤ᠂ ᠪᠣᠳᠠᠲᠠᠢ ᠠᠵᠢᠯᠯᠠᠬᠤ᠎ᠪᠠᠷ ᠬᠠᠷᠢᠭᠤᠴᠠᠯᠭ᠎ᠠ ᠡᠭᠦᠷᠭᠡᠯᠡᠯ᠎ᠢᠶᠡᠨ ᠪᠡᠶᠡᠯᠡᠬᠦᠯᠵᠤ᠂ ᠪᠣᠳᠠᠲᠤ ᠦᠷ᠎ᠠ ᠪᠦᠲᠦᠮᠵᠢ ᠪᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠤᠭ ᠵᠢᠪᠬᠤᠭ᠎ᠠ᠎ᠵᠢ ᠢᠯᠡᠷᠡᠭᠦᠯᠬᠦ ᠬᠡᠷᠡᠭᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠠᠷᠠᠳ ᠲᠦᠮᠡᠨ᠎ᠤ ᠲᠦᠯᠦᠭᠡ ᠪᠠᠢᠬᠤ᠎ᠵᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ᠎ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ᠎ᠶᠢ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠳᠦ ᠣᠷᠣᠯᠴᠠᠭᠰᠠᠨ ᠡᠯ᠎ᠡ ᠨᠢᠭᠡᠴᠢ ᠪᠠ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠬᠦᠴᠦ ᠪᠡᠨ ᠬᠠᠮᠲᠤᠳᠬᠠᠵᠤ ᠰᠡᠳᠬᠢᠯ ᠨᠢᠭᠡᠳᠦᠨ᠂ ᠡᠷᠡᠮᠡᠬᠡᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ! ᠭᠡᠵᠤ ᠤᠷᠢᠶᠠᠯᠠᠪᠠ᠃