ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠭᠣᠣᠯ ᠮᠥᠷᠡᠨ ᠨᠠᠭᠤᠷ ᠴᠥᠭᠥᠷᠥᠮ᠎ᠦᠨ ᠨᠢᠭᠡᠳᠦᠭᠡᠷ ᠶᠡᠷᠦᠩᠬᠡᠢ
ᠳᠠᠷᠤᠭ᠎ᠠ ᠸᠠᠩ ᠸᠧᠢ ᠵᠥᠩ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ᠂
ᠭᠣᠣᠯ ᠮᠥᠷᠡᠨ ᠨᠠᠭᠤᠷ ᠴᠥᠭᠥᠷᠥᠮ᠎ᠦᠨ ᠶᠡᠷᠦᠩᠬᠡᠢ ᠳᠠᠷᠤᠭ᠎ᠠ ᠪᠦᠦ ᠭᠠᠩ ᠬᠠᠮᠲᠤᠷᠠᠨ 2026 ᠣᠨ᠎ᠤ 1 ᠳ᠋ᠤᠭᠡᠷ
ᠲᠣᠭᠠᠲᠤ ᠭᠣᠣᠯ ᠮᠥᠷᠡᠨ ᠨᠠᠭᠤᠷ ᠴᠥᠭᠥᠷᠥᠮ᠎ᠦᠨ ᠶᠡᠷᠦᠩᠬᠡᠢ ᠳᠠᠷᠤᠭ᠎ᠠ᠎ᠶᠢᠨ ᠵᠠᠷᠯᠢᠭ᠋᠎ᠲᠤ ᠭᠠᠷᠤᠨ ᠥᠰᠥᠭ ᠵᠢᠷᠤᠵᠤ᠂ 《ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ 2026 ᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠠᠵᠢᠯ᠎ᠤᠨ
ᠭᠣᠣᠯᠳᠠᠯᠭ᠎ᠠ》᠎ᠶᠢ ᠨᠡᠢᠲᠡᠯᠡᠵᠦ᠂ ᠭᠣᠣᠯ ᠮᠥᠷᠡᠨ
ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠦᠷᠭᠦᠯᠵᠢᠯᠡᠨ ᠭᠦᠨᠵᠡᠭᠡᠢᠷᠡᠭᠦᠯᠬᠦ᠂ ᠤᠰᠤᠨ᠎ᠤ ᠡᠬᠢ ᠪᠠᠶᠠᠯᠢᠭ᠋᠎ᠢ
ᠡᠷᠴᠢᠮᠵᠢᠭᠦᠯᠦᠨ ᠠᠷᠪᠢᠲᠠᠢ ᠠᠰᠢᠭ᠍ᠯᠠᠬᠤ᠎ᠶᠢ ᠴᠢᠩᠭᠠᠳᠬᠠᠬᠤ᠂ ᠭᠤᠤᠯ ᠮᠦᠷᠡᠨ ᠨᠠᠭᠤᠷ ᠴᠦᠬᠦᠷᠤᠮ ᠤ᠋ᠨ ᠡᠷᠭᠢ
ᠳᠠᠭᠠᠤ᠎ᠶᠢᠨ ᠬᠠᠮᠢᠶᠠᠷᠤᠨ ᠡᠵᠡᠮᠳᠡᠬᠦ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠂ ᠤᠰᠤᠨ᠎ᠤ
ᠪᠣᠬᠢᠷᠲᠤᠯ᠎ᠢ ᠰᠡᠷᠭᠡᠢᠯᠡᠨ ᠵᠠᠰᠠᠬᠤ᠎ᠶᠢ ᠴᠢᠩᠭᠠᠳᠬᠠᠬᠤ᠂ ᠤᠰᠤᠨ᠎ᠤ ᠠᠮᠢ ᠠᠬᠤᠢ᠎ᠶᠢ ᠵᠠᠰᠠᠵᠤ ᠰᠡᠷᠭᠦᠭᠡᠬᠦ᠎ᠶᠢ
ᠴᠢᠩᠭᠠᠳᠬᠠᠬᠤ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ᠎ᠶᠢ
ᠴᠢᠩᠭᠠᠳᠬᠠᠬᠤ ᠵᠡᠷᠭᠡ 7 ᠲᠠᠯ᠎ᠠ᠎ᠪᠠᠷ 28 ᠵᠦᠢᠯ᠎ᠦᠨ ᠠᠷᠭ᠎ᠠ ᠬᠡᠮᠵᠢᠶ᠎ᠡ ᠳᠤᠷᠠᠳᠴᠤ᠂ ᠪᠣᠳᠠᠲᠠᠢ ᠵᠢᠭᠠᠯᠲᠠ
ᠲᠤᠭ᠎ᠠ᠂ ᠳᠤᠭᠠᠵᠢᠭᠤᠯᠬᠤ ᠬᠠᠷᠠᠯᠲᠠ ᠪᠠ ᠬᠠᠷᠢᠭᠤᠴᠠᠯᠭ᠎ᠠ᠎ᠶᠢᠨ ᠬᠤᠪᠢᠶᠠᠷᠢᠯᠠᠯ᠎ᠢ ᠵᠦᠢᠯ ᠳᠠᠷᠠᠭᠠᠯᠠᠨ ᠲᠣᠳᠣᠷᠬᠠᠢᠯᠠᠵᠤ᠂
2026 ᠣᠨ᠎ᠤ ᠪᠥᠬᠥ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ ᠭᠣᠣᠯᠳᠠᠯᠭ᠎ᠠ᠎ᠲᠠᠢ
ᠠᠵᠢᠯ᠎ᠢ ᠪᠠᠢᠷᠢᠯᠠᠭᠤᠯᠪᠠ᠃
ᠭᠣᠣᠯ ᠮᠥᠷᠡᠨ ᠨᠠᠭᠤᠷ ᠴᠥᠭᠥᠷᠥᠮ᠎ᠦᠨ
ᠶᠡᠷᠦᠩᠬᠡᠢ ᠳᠠᠷᠤᠭ᠎ᠠ᠎ᠶᠢᠨ ᠵᠠᠷᠯᠢᠭ᠋᠎ᠲᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ
ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ
ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ
ᠡᠷᠡᠰ ᠨᠠᠢᠳᠠᠪᠤᠷᠢᠵᠢᠭᠤᠯᠵᠤ᠂ ᠪᠦᠬᠦ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠦᠨ
ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠤᠰᠤᠨ᠎ᠤ ᠭᠠᠮᠰᠢᠭ᠋᠂
ᠤᠰᠤᠨ᠎ᠤ ᠡᠬᠢ ᠪᠠᠶᠠᠯᠢᠭ᠋᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶᠢ ᠨᠢᠭᠡᠳᠦᠯᠲᠡᠢ
ᠲᠥᠯᠥᠪᠵᠢᠭᠦᠯᠦᠨ ᠠᠬᠢᠭᠤᠯᠵᠤ᠂ ᠠᠮᠤᠷ ᠲᠦᠪᠰᠢᠨ ᠭᠣᠣᠯ ᠮᠥᠷᠡᠨ ᠨᠠᠭᠤᠷ ᠴᠥᠭᠥᠷᠥᠮ ᠂ ᠠᠮᠢ ᠨᠠᠰᠤᠨ᠎ᠤ ᠭᠣᠣᠯ ᠮᠥᠷᠡᠨ
ᠨᠠᠭᠤᠷ ᠴᠥᠭᠥᠷᠥᠮ᠂ ᠵᠣᠯ ᠵᠢᠷᠭᠠᠯᠲᠤ ᠭᠣᠣᠯ ᠮᠥᠷᠡᠨ ᠨᠠᠭᠤᠷ ᠴᠥᠭᠥᠷᠥᠮ᠎ᠢ ᠴᠢᠷᠮᠠᠢᠨ ᠪᠦᠲᠦᠭᠡᠨ ᠪᠠᠢᠭᠤᠯᠵᠤ᠂
ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ
ᠭᠡᠵᠦ ᠱᠠᠭᠠᠷᠳᠠᠪᠠ᠃
ᠭᠣᠣᠯ ᠮᠥᠷᠡᠨ ᠨᠠᠭᠤᠷ ᠴᠥᠭᠥᠷᠥᠮ᠎ᠦᠨ
ᠶᠡᠷᠦᠩᠬᠡᠢ ᠳᠠᠷᠤᠭ᠎ᠠ᠎ᠶᠢᠨ ᠵᠠᠷᠯᠢᠭ᠋᠎ᠲᠤ᠂《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠪᠥᠬᠥ ᠣᠷᠣᠨ᠎ᠤ ᠤᠰᠤ ᠬᠡᠷᠡᠭᠯᠡᠬᠦ ᠶᠡᠷᠦᠩᠬᠡᠢ
ᠬᠡᠮᠵᠢᠶ᠎ᠡ ᠪᠠ ᠬᠦᠴᠦᠯᠡᠴᠡ᠎ᠶᠢ ᠡᠵᠡᠮᠳᠡᠬᠦ ᠬᠠᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠥᠨᠳᠥᠷ
ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠢᠨᠵᠧᠨᠧᠷᠢᠩ᠎ᠢ 200 ᠲᠦᠮᠡᠨ ᠮᠦ᠍᠎ᠡᠴᠡ ᠳᠡᠭᠡᠭᠰᠢ ᠰᠢᠨ᠎ᠡ᠎ᠪᠡᠷ
ᠪᠦᠳᠦᠬᠡᠨ ᠪᠠᠢᠭᠤᠯᠵᠤ᠂ ᠪᠥᠬᠥ ᠵᠢᠯ᠎ᠳᠦ ᠡᠯ᠎ᠡ ᠠᠵᠢᠯ ᠲᠥᠷᠥᠯ᠎ᠦᠨ ᠤᠰᠤ ᠠᠷᠪᠢᠯᠠᠬᠤ ᠴᠢᠳᠠᠪᠤᠷᠢ᠎ᠶᠢ 2.7 ᠳ᠋ᠦᠩᠰᠢᠭᠤᠷ
ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ
ᠲᠠᠰ᠎ᠤᠨ ᠦᠵᠡᠰᠬᠦᠯᠡᠩᠲᠦ ᠰᠠᠢᠬᠠᠨ ᠭᠤᠤᠯ ᠮᠦᠷᠡᠨ ᠨᠠᠭᠤᠷ ᠴᠦᠬᠦᠷᠦᠮ᠎ᠢ ᠬᠠᠮᠠᠭᠠᠯᠠᠬᠤ ᠪᠠ ᠪᠦᠲᠦᠭᠡᠨ ᠪᠠᠢᠭᠤᠯᠵᠤ
ᠦᠨᠡᠯᠡᠬᠦ ᠵᠢᠭᠠᠯᠲᠠ ᠲᠣᠭ᠎ᠠ᠎ᠶᠢᠨ ᠰᠢᠰᠲᠧᠮ᠎ᠢ ᠰᠤᠳᠤᠯᠤᠨ ᠲᠣᠭᠲᠠᠭᠠᠵᠤ᠂ ᠪᠤᠭᠤᠲᠤ ᠬᠣᠲᠠ᠎ᠶᠢᠨ ᠬᠥᠨᠳᠡᠯᠡᠨ ᠭᠣᠣᠯ
ᠵᠡᠷᠭᠡ 5 ᠵᠤᠷᠪᠤᠰ ᠵᠣᠯ ᠵᠢᠷᠭᠠᠯᠲᠤ ᠭᠤᠤᠯ ᠮᠦᠷᠡᠨ ᠨᠠᠭᠤᠷ ᠴᠦᠬᠦᠷᠦᠮ ᠢ᠋ ᠪᠦᠲᠦᠭᠡᠨ ᠪᠠᠶ᠋ᠢᠭᠤᠯᠬᠤ᠎ᠶᠢ ᠯᠠᠪᠳᠠᠭᠤᠨ
ᠪᠠᠲᠤᠲᠠᠢ ᠠᠬᠢᠭᠤᠯᠵᠤ᠂ ᠲᠥᠪ᠎ᠦᠨ ᠤᠰᠤᠨ ᠠᠰᠢᠭ᠍ᠯᠠᠯᠲᠠ᠎ᠶᠢᠨ ᠬᠥᠭᠵᠢᠬᠦᠯᠦᠯᠲᠡ᠎ᠶᠢᠨ ᠪᠡᠯᠡ ᠮᠥᠩᠭᠥ᠎ᠪᠡᠷ ᠳᠡᠮᠵᠢᠭᠰᠡᠨ
ᠰᠢᠶᠣᠣ ᠵᠤᠸᠠᠩ ᠾᠧ ᠭᠤᠤᠯ ᠤ᠋ᠨ ᠵᠣᠯ ᠵᠢᠷᠭᠠᠯᠲᠤ ᠭᠤᠤᠯ ᠮᠦᠷᠡᠨ ᠨᠠᠭᠤᠷ ᠴᠦᠬᠦᠷᠦᠮ᠎ᠤᠨ ᠪᠦᠲᠦᠭᠡᠨ ᠪᠠᠶ᠋ᠢᠭᠤᠯᠤᠯᠲᠠ
ᠵᠢᠨ ᠡᠭᠦᠷᠭᠡ᠎ᠶᠢ ᠪᠡᠶᠡᠯᠡᠭᠦᠯᠦᠨ᠎ᠡ᠃ ᠭᠣᠣᠯ ᠮᠥᠷᠡᠨ ᠨᠠᠭᠤᠷ ᠴᠥᠭᠥᠷᠥᠮ᠎ᠦᠨ 《ᠳᠥᠷᠪᠡᠨ ᠵᠠᠮᠪᠠᠷᠠᠭ᠎ᠠ ᠦᠭᠡᠢ
ᠪᠠᠢᠬᠤ ᠠᠰᠠᠭᠤᠳᠠᠯ ᠢ᠋ ᠠᠷᠢᠯᠭᠠᠬᠤ》ᠵᠢ ᠪᠠᠢᠩᠭᠤᠵᠢᠭᠤᠯᠤᠨ ᠵᠢᠷᠤᠮᠵᠢᠭᠤᠯᠬᠤ᠎ᠶᠢ ᠭᠦᠨᠵᠡᠭᠡᠢᠷᠡᠭᠦᠯᠦᠨ ᠠᠬᠢᠭᠤᠯᠵᠤ᠂ ᠬᠥᠳᠡᠭᠡ
ᠲᠣᠰᠬᠣᠨ᠎ᠤ ᠭᠤᠤᠯ ᠮᠦᠷᠡᠨ ᠨᠠᠭᠤᠷ ᠴᠥᠭᠥᠷᠥᠮ᠎ᠢ ᠬᠠᠮᠢᠶᠠᠷᠤᠨ ᠬᠠᠮᠠᠭᠠᠯᠠᠵᠤ ᠪᠣᠭᠣᠮᠲᠠ ᠰᠢᠪᠲᠤᠯᠬᠤ ᠠᠵᠢᠯᠯᠠᠭ᠎ᠠ᠎ᠶᠢ
ᠥᠷᠨᠢᠭᠦᠯᠦᠨ᠎ᠡ᠃ 《ᠬᠡᠪᠡᠯᠢ ᠴᠡᠪᠡᠷᠯᠡᠬᠦ ᠠᠵᠢᠯᠯᠠᠭ᠎ᠠ》 ᠶᠢᠨ ᠦᠷ᠎ᠡ ᠪᠦᠲᠦᠮᠵᠢ᠎ᠶᠢ ᠪᠡᠬᠢᠵᠢᠭᠦᠯᠵᠦ᠂
ᠳᠠᠷᠢᠬᠤ᠎ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ᠎ᠦᠨ ᠱᠠᠭᠠᠷᠳᠠᠯᠭ᠎ᠠ᠎ᠶᠢ ᠪᠠᠢᠩᠭᠤ ᠪᠥᠭᠡᠳ ᠪᠦᠲᠦᠮᠵᠢᠲᠡᠶ
ᠨᠠᠢᠳᠠᠪᠤᠷᠢᠵᠢᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠣᠷᠣᠨ᠎ᠤ ᠦᠶᠡᠷ ᠵᠠᠯᠠᠬᠤ ᠠᠮᠤᠷ ᠲᠦᠪᠰᠢᠨ᠎ᠢ ᠨᠥᠯᠥᠭᠡᠯᠡᠬᠦ
ᠲᠣᠭᠲᠠᠭᠤᠨ ᠪᠤᠰᠤ ᠲᠠᠷᠢᠶᠠᠨ ᠭᠠᠵᠠᠷ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠪᠤᠴᠠᠭᠠᠨ ᠭᠠᠷᠭᠠᠨ᠎ᠠ᠃
ᠡᠷᠭᠢ ᠳᠠᠭᠠᠤ᠎ᠶᠢᠨ ᠪᠣᠬᠢᠷᠲᠤᠯ ᠭᠠᠳᠠᠭᠰᠢᠯᠠᠭᠤᠯᠬᠤ ᠠᠮᠠ᠎ᠶᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ᠎ᠶᠢ
ᠦᠷᠭᠦᠯᠵᠢᠯᠡᠨ ᠥᠷᠨᠢᠭᠦᠯᠵᠦ᠂ ᠭᠣᠣᠯᠳᠠᠯᠭ᠎ᠠ᠎ᠲᠠᠢ ᠭᠤᠤᠯ ᠮᠦᠷᠡᠨ ᠨᠠᠭᠤᠷ ᠴᠦᠬᠦᠷᠦᠮ ᠢ ᠦᠨᠳᠦᠰᠦᠨ᠎ᠳᠡᠭᠡᠨ ᠴᠡᠭᠴᠡᠯᠡᠨ
ᠵᠠᠰᠠᠬᠤ᠎ᠶᠢ ᠪᠡᠶᠡᠯᠡᠭᠦᠯᠬᠦ᠎ᠶᠢ ᠠᠬᠢᠭᠤᠯᠤᠨ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ᠎ᠢ
II
ᠲᠥᠷᠥᠯ᠎ᠳᠦ
ᠪᠠᠢᠯᠭᠠᠬᠤ᠎ᠶᠢ ᠦᠨᠡᠨᠬᠦ ᠪᠠᠲᠤᠯᠠᠵᠤ᠂ ᠬᠠᠲᠤᠨ ᠭᠣᠣᠯ᠎ᠤᠨ ᠰᠠᠯᠪᠤᠷᠢ ᠤᠷᠤᠰᠬᠠᠯ᠎ᠤᠨ ᠤᠯᠤᠰ᠎ᠤᠨ ᠭᠠᠵᠠᠷ ᠤ᠋ᠨ
ᠭᠠᠳᠠᠷᠭᠤ ᠵᠢᠨ ᠤᠰᠤᠨ ᠤ᠋ ᠬᠢᠨᠠᠨ ᠰᠢᠯᠭᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠴᠢᠨᠠᠷ᠎ᠢ ᠲᠤᠭᠲᠠᠭᠤᠨ
ᠵᠢᠡᠷ ᠰᠠᠢᠵᠢᠷᠠᠭᠤᠯᠵᠥ᠂ ᠪᠥᠬᠥ ᠣᠷᠣᠨ᠎ᠤ ᠰᠢᠯᠢᠳᠡᠭ ᠰᠠᠢᠨ ᠤᠰᠤᠨ ᠴᠣᠭᠴᠠ᠎ᠶᠢᠨ ᠬᠠᠷᠢᠴᠠᠯ᠎ᠢ ᠤᠯᠤᠰ᠎ᠤᠨ ᠬᠠᠷᠠᠯᠲᠠ᠎ᠶᠢᠨ
ᠱᠠᠭᠠᠷᠳᠠᠯᠭ᠎ᠠ᠎ᠳᠤ ᠬᠦᠷᠦᠭᠦᠯᠦᠨ᠎ᠡ᠃ 350 ᠵᠠᠰᠠᠭ ᠵᠠᠬᠢᠷᠭᠠᠨ᠎ᠤ ᠲᠣᠰᠬᠣᠨ᠎ᠤ ᠠᠮᠢᠳᠤᠷᠠᠯ᠎ᠤᠨ ᠪᠣᠬᠢᠷ ᠤᠰᠤ᠎ᠶᠢ
ᠵᠠᠰᠠᠬᠤ ( ᠬᠠᠮᠢᠶᠠᠷᠤᠨ ᠡᠵᠡᠮᠳᠡᠬᠦ ) ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ
ᠪᠣᠬᠢᠷ ᠤᠰᠤ᠎ᠶᠢ ᠵᠠᠰᠠᠬᠤ (ᠬᠠᠮᠢᠶᠠᠷᠤᠨ ᠡᠵᠡᠮᠳᠡᠬᠦ ) ᠨᠣᠷᠮ᠎ᠠ᠎ᠶᠢ 46%᠎ᠳᠤ ᠬᠦᠷᠦᠭᠦᠯᠵᠦ᠂ ᠬᠣᠲᠠ ᠪᠠ ᠬᠣᠰᠢᠭᠤ
ᠰᠢᠶᠠᠨ ( ᠬᠣᠲᠠ᠂ ᠲᠣᠭᠣᠷᠢᠭ᠋ )᠎ᠤ ᠪᠣᠬᠢᠷ ᠤᠰᠤ ᠰᠢᠢᠳᠪᠦᠷᠢᠯᠡᠬᠦ ᠨᠣᠷᠮ᠎ᠠ᠎ᠶᠢ 95%᠎ᠠᠴᠠ ᠳᠡᠭᠡᠭᠰᠢ᠎ᠳᠦ ᠬᠦᠷᠦᠭᠦᠯᠦᠨ᠎ᠡ᠃
ᠬᠦᠯᠦᠨ ᠨᠠᠭᠤᠷ ᠳᠠᠭ᠎ᠠ ᠵᠢᠨ ᠨᠠᠭᠤᠷ ᠤᠯᠠᠭᠠᠨᠰᠤᠬᠠᠢ ᠵᠡᠷᠭᠡ ᠭᠣᠣᠯᠳᠠᠯᠭ᠎ᠠ᠎ᠲᠠᠢ ᠨᠠᠭᠤᠷ ᠴᠥᠭᠥᠷᠥᠮ᠎ᠢ ᠵᠠᠰᠠᠵᠤ
ᠬᠠᠮᠠᠭᠠᠯᠠᠬᠤ ᠠᠵᠢᠯ᠎ᠢ ᠦᠷᠭᠦᠯᠵᠢᠯᠡᠨ ᠰᠠᠢᠲᠤᠷ ᠠᠳᠬᠤᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢᠯᠡᠭᠰᠡᠨ ᠵᠠᠰᠠᠯᠲᠠ᠎ᠶᠢᠨ ᠲᠥᠯᠥᠪᠵᠢᠭᠦᠯᠭᠡ (ᠬᠡᠷᠡᠭᠵᠢᠭᠦᠯᠬᠦ ᠲᠥᠰᠥᠯ)᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠤᠯᠠᠭᠠᠨᠰᠤᠬᠠᠢ
ᠨᠠᠭᠤᠷ᠎ᠲᠤ 3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠡᠭᠡᠭᠰᠢ ᠤᠰᠤ ᠨᠥᠬᠥᠪᠦᠷᠢᠯᠡᠬᠦ᠎ᠪᠡᠷ ᠴᠢᠷᠮᠠᠢᠵᠤ᠂
ᠲᠠᠭ᠎ᠠ᠎ᠶᠢᠨ ᠨᠠᠭᠤᠷ᠎ᠤᠨ ᠲᠠᠯᠠᠪᠠᠢ᠎ᠶᠢ ᠵᠣᠬᠢᠰᠲᠠᠢ ᠬᠡᠪᠴᠢᠶᠡᠨ᠎ᠳᠦ ᠲᠣᠭᠲᠠᠭᠤᠨ ᠪᠠᠢᠯᠭᠠᠬᠤ᠎ᠶᠢ ᠪᠠᠲᠤᠯᠠᠵᠤ᠂
ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠎ᠤᠨ ᠪᠦᠬᠦ ᠤᠷᠤᠰᠬᠠᠯ᠎ᠢ ᠦᠷᠭᠦᠯᠵᠢᠯᠡᠨ ᠨᠠᠪᠲᠠᠷᠡᠭᠦᠯᠵᠦ᠂
ᠰᠤᠪᠨᠠᠭᠤᠷ ᠰᠢᠷᠭᠢᠬᠦ ᠦᠭᠡᠢ ᠪᠠᠢᠬᠤ᠎ᠶᠢ ᠪᠠᠲᠤᠯᠠᠨ᠎ᠠ᠃ 750 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ
ᠭᠠᠵᠠᠷ᠎ᠢ ᠶᠡᠷᠦᠩᠬᠡᠢᠯᠡᠨ ᠵᠠᠰᠠᠬᠤ᠎ᠶᠢ ᠪᠡᠶᠡᠯᠡᠭᠦᠯᠵᠦ᠂ 300 ᠢᠳᠡᠭᠳᠡᠭᠰᠡᠨ ᠭᠤᠤ᠎ᠶᠢ ᠵᠠᠰᠠᠵᠤ᠂ ᠬᠥᠷᠥᠰᠥ
ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠲᠠᠯᠠᠪᠠᠶ᠎ᠶᠢ ᠰᠢᠨ᠎ᠡ᠎ᠪᠡᠷ 7520 ᠲᠡᠭᠰᠢ ᠳᠥᠷᠪᠡᠯᠵᠢᠨ
ᠺᠢᠯᠣᠮᠧᠲᠷ ᠨᠡᠮᠡᠭᠳᠡᠭᠦᠯᠦᠨ᠎ᠡ ᠬᠡᠵᠥ ᠳᠤᠳᠤᠷᠬᠠᠢᠯᠠᠪᠠ᠃
ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠤ ᠤᠰᠤᠨ
ᠠᠰᠢᠭᠯᠠᠯᠲᠠ ᠵᠢᠨ ᠲᠢᠩᠬᠢᠮ