ᠶᠡᠬᠡ ᠰᠠᠯᠬᠢ᠎ᠰᠠᠯᠬᠢᠯᠠᠨ᠎ᠠ
2026-03-12 17:25:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠬᠣᠷᠢᠶ᠎ᠠ 2026 ᠣᠨ᠎ᠤ 3 ᠰᠠᠷ᠎ᠠ᠎ᠶᠢᠨ 12᠎ᠤᠨ ᠡᠳᠦᠷ᠎ᠦᠨ 10 ᠴᠠᠭ 10 ᠮᠢᠨᠦ᠋ᠲ᠎ᠲᠦ ᠶᠡᠬᠡ ᠰᠠᠯᠬᠢᠨ᠎ᠤ ᠬᠥᠬᠡ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠢᠲᠡᠯᠡᠪᠡ᠄

24 ᠴᠠᠭ᠎ᠤᠨ ᠳᠣᠲᠣᠷ᠎ᠠ ᠠᠯᠠᠱᠠ ᠠᠢᠮᠠᠭ᠂ ᠪᠠᠶᠠᠨᠨᠠᠭᠤᠷ ᠬᠣᠲᠠ᠂ ᠦᠬᠠᠢ ᠬᠣᠲᠠ᠂ ᠣᠷᠳᠣᠰ ᠬᠣᠲᠠ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠰᠢᠯᠢ᠎ᠶᠢᠨ ᠭᠣᠣᠯ ᠠᠢᠮᠠᠭ᠎ᠤᠨ ᠶᠡᠬᠡᠩᠬᠢ ᠭᠡᠰᠡᠭ᠂ ᠤᠯᠠᠭᠠᠨᠬᠠᠳᠠ ᠬᠣᠲᠠ᠎ᠶᠢᠨ ᠪᠠᠷᠠᠭᠤᠨ ᠪᠡᠶ᠎ᠡ᠂ ᠬᠥᠯᠥᠨ ᠪᠣᠶ᠋ᠢᠷ ᠬᠣᠲᠠ᠎ᠶᠢᠨ ᠪᠠᠷᠠᠭᠤᠨ ᠪᠡᠶ᠎ᠡ ᠶᠡᠬᠡ ᠰᠠᠯᠬᠢᠨ᠎ᠤ ᠨᠥᠯᠥᠭᠡ᠎ᠶᠢ ᠭᠥᠷᠳᠡᠵᠦ᠂ ᠳᠤᠮᠳᠠᠴᠢ ᠰᠠᠯᠬᠢᠨ᠎ᠤ ᠬᠦᠴᠦ 6 ᠲᠠᠰ᠎ᠠᠴᠠ ᠳᠡᠭᠡᠭᠰᠢ ᠬᠦᠷᠴᠦ᠂ ᠬᠡᠰᠡᠭ ᠲᠡᠭᠡᠨ 7~8 ᠲᠠᠰ ᠬᠦᠷᠴᠦ᠂ ᠬᠡᠰᠡᠭ ᠭᠠᠵᠠᠷ᠎ᠲᠦ

9 ᠲᠠᠰ ᠬᠦᠷᠦᠨ᠎ᠡ; ᠳᠤᠮᠳᠠ ᠪᠡᠶ᠎ᠡ ᠵᠢᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠡᠯᠡᠰᠦᠨ ᠰᠢᠭᠤᠷᠭ᠎ᠠ ᠳᠡᠭᠳᠡᠨ᠎ᠡ᠃ ᠬᠠᠮᠢᠶ᠎ᠠ ᠪᠦᠬᠦᠢ ᠪᠠᠢᠭᠤᠯᠭ᠎ᠠ ᠪᠠ ᠠᠵᠢᠯᠲᠠᠨ ᠰᠡᠷᠭᠡᠢᠯᠡᠬᠦ ᠪᠡᠯᠡᠳᠬᠡᠯ᠎ᠢᠶᠡᠨ ᠰᠠᠢᠨ ᠬᠢᠭᠡᠷᠡᠢ᠃

ᠰᠠᠨᠠᠭᠤᠯᠤᠮᠵᠢ᠄

1. ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠶᠡᠬᠡ ᠰᠠᠯᠬᠢ᠎ᠶᠢ ᠰᠡᠷᠭᠡᠢᠯᠡᠬᠦ ᠠᠵᠢᠯ᠎ᠢ ᠰᠠᠢᠲᠤᠷ ᠬᠢᠬᠦ ᠬᠡᠷᠡᠭᠲᠡᠢ;

2. ᠡᠭᠦᠳᠡ ᠴᠣᠩᠬᠣ᠌᠎ᠪᠠᠨ ᠰᠠᠢᠲᠤᠷ ᠬᠠᠭᠠᠵᠤ᠂ ᠫᠧᠩ ᠰᠠᠷᠠᠪᠴᠢ᠂ ᠵᠠᠷ ᠮᠡᠳᠡᠭᠡ᠎ᠶᠢᠨ ᠫᠠᠢᠰᠠ ᠵᠡᠷᠭᠡ ᠰᠠᠯᠬᠢᠨ᠎ᠳᠤ ᠠᠮᠠᠷᠬᠠᠨ ᠦᠯᠢᠶᠡᠭᠳᠡᠬᠦ ᠪᠠᠷᠢᠯᠭ᠎ᠠ᠎ᠶᠢᠨ ᠡᠳ᠋᠎ᠢ ᠪᠡᠬᠢᠯᠡᠬᠦ ᠬᠡᠷᠡᠭᠲᠡᠢ;

3. ᠶᠠᠪᠠᠭᠠᠨ ᠬᠥᠮᠥᠨ ᠴᠢᠳᠠᠬᠤ ᠵᠢᠨ ᠲᠤᠳᠤᠷ᠎ᠠ ᠳᠤᠭᠤᠢ ᠲᠡᠷᠭᠡ ᠤᠨᠤᠬᠤ ᠦᠭᠡᠢ᠎ᠪᠠᠢᠵᠦ᠂ ᠰᠠᠯᠬᠢᠯᠠᠬᠤ ᠦᠶ᠎ᠡ᠎ᠳᠦ ᠵᠠᠷ ᠮᠡᠳᠡᠭᠡ᠎ᠶᠢᠨ ᠫᠠᠢᠰᠠ᠂ ᠲᠦᠷ ᠴᠠᠭ᠎ᠤᠨ ᠪᠠᠷᠢᠯᠭ᠎ᠠ ᠵᠡᠷᠭᠡ ᠵᠢᠨ ᠳᠣᠣᠷ᠎ᠠ ᠵᠤᠭᠰᠤᠵᠤ ᠪᠣᠯᠬᠤ ᠦᠭᠡᠢ;

4. ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠎ᠨᠦᠭᠦᠳ ᠣᠶ ᠰᠢᠭᠤᠢ᠂ ᠨᠤᠲᠤᠭ ᠪᠡᠯᠴᠢᠭᠡᠷ ᠵᠡᠷᠭᠡ᠎ᠶᠢᠨ ᠭᠠᠯ ᠰᠡᠷᠭᠡᠢᠯᠡᠬᠦ᠎ᠶᠢ ᠠᠩᠬᠠᠷᠬᠤ ᠬᠡᠷᠡᠭᠲᠡᠢ᠃

 ᠢᠷᠡᠯᠲᠡ᠄  ᠦᠪᠦᠷ ᠮᠤᠨᠭᠭᠤᠯ᠎ᠤᠨ ᠴᠠᠭ ᠠᠭᠤᠷ ᠲᠡᠪᠴᠡᠨᠭ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号