ᠴᠢᠬᠤᠯᠠ ᠰᠠᠨᠠᠭᠤᠯᠤᠮᠵᠢ!
2026-03-12 17:28:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠤᠤᠷᠢᠶ᠎ᠠ ᠲᠠᠪᠴᠠᠩ ᠵᠡᠷᠭᠡ ᠪᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠥᠭᠡᠷᠡᠴᠢᠯᠡᠯᠲᠡ》 ᠵᠢᠨ ᠲᠤᠬᠠᠢ ᠬᠤᠳᠠᠯ ᠬᠠᠭᠤᠷᠮᠠᠭ ᠮᠡᠳᠡᠭᠡ ᠲᠠᠮᠵᠢᠭᠳᠠᠵᠦ᠂ 《2027 ᠣᠨ᠎ᠠᠴᠠ ᠡᠬᠢᠯᠡᠨ᠂ ᠠᠮᠢᠳᠤ ᠪᠣᠳᠠᠰ᠂ ᠭᠠᠵᠠᠷ ᠵᠦᠢ᠎ᠶᠢᠨ ᠬᠢᠴᠢᠶᠡᠯ ᠲᠥᠷᠥᠯ᠎ᠳᠦ ᠵᠡᠷᠭᠡ ᠳᠡᠰ᠎ᠤᠨ ᠳᠦᠷᠢᠮ᠎ᠤᠨ ᠰᠢᠯᠭᠠᠯᠲᠠ ᠬᠢᠬᠦ ᠪᠣᠯᠣᠨ᠎ᠠ》ᠭᠡᠵᠦ ᠴᠤᠤᠷᠬᠠᠯ ᠲᠠᠯᠪᠢᠵᠦ ᠪᠠᠢᠨ᠎ᠠ᠃

ᠲᠣᠰ ᠴᠤᠤᠷᠬᠠᠯ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ 2026 ᠣᠨ᠎ᠤ 3 ᠰᠠᠷ᠎ᠠ᠎ᠶᠢᠨ 10᠎ᠤ ᠡᠳᠦᠷ ᠠᠯᠪᠠᠨ᠎ᠤ ᠲᠠᠯ᠎ᠠ᠎ᠶᠢᠨ ᠴᠤᠤᠷᠬᠠᠯ᠎ᠢ ᠨᠢᠴᠤᠭᠠᠭᠰᠠᠨ ᠢᠯᠡᠷᠬᠡᠢᠯᠡᠯᠲᠡ ᠨᠡᠢᠲᠡᠯᠡᠵᠦ᠂ ᠳᠡᠭᠡᠷᠡᠬᠢ ᠮᠡᠳᠡᠭᠡ ᠵᠠᠩᠭᠢ ᠴᠥᠮ ᠦᠨᠡᠨ ᠪᠢᠰᠢ ᠭᠡᠳᠡᠭ᠎ᠢ ᠲᠣᠳᠣᠷᠬᠠᠢ ᠵᠢᠭᠠᠵᠤ ᠭᠠᠷᠭᠠᠭᠰᠠᠨ ᠪᠥᠭᠡᠳ ᠥᠷᠭᠡᠨ ᠣᠯᠠᠨ ᠰᠢᠯᠭᠠᠭᠤᠯᠤᠭ᠍ᠴᠢ ᠪᠣᠯᠣᠨ ᠭᠡᠷ᠎ᠦᠨ ᠠᠬᠠᠮᠠᠳ᠎ᠲᠤ ᠠᠯᠪᠠᠨ ᠎ᠤ ᠲᠠᠯ᠎ᠠ᠎ᠶᠢᠨ ᠠᠷᠭ᠎ᠠ ᠵᠠᠮ᠎ᠢᠶᠠᠷ ᠡᠷᠬᠡ ᠰᠦᠷᠲᠦ ᠮᠡᠳᠡᠭᠡ ᠵᠠᠩᠭᠢ ᠣᠯᠵᠤ᠂ ᠴᠤᠤᠷᠬᠠᠯ᠎ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠢᠬᠤ᠎ᠶᠢ ᠰᠠᠨᠠᠭᠤᠯᠪᠠ᠃ ᠪᠤᠳᠠᠳᠠᠢ ᠠᠭᠤᠯᠭ᠎ᠠ ᠨᠢ ᠲᠤᠤᠷᠠᠬᠢ ᠮᠡᠳᠦ᠄

ᠴᠢᠬᠤᠯᠠ ᠰᠠᠨᠠᠭᠤᠯᠤᠮᠵᠢ

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠬᠢᠨ ᠣᠢᠷ᠎ᠠ᠎ᠳᠤ ᠴᠤᠤᠷᠢᠶ᠎ᠠ ᠲᠠᠪᠴᠠᠩ ᠵᠡᠷᠭᠡ ᠪᠡᠷ ᠲᠤᠤᠷᠠᠬᠢ ᠮᠡᠳᠦ ᠴᠤᠤᠷᠬᠠᠯ ᠲᠠᠷᠬᠠᠵᠦ ᠪᠠᠢᠬᠤ ᠵᠢ ᠤᠯᠵᠦ ᠮᠡᠳᠡᠪᠡ᠄《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠳᠤ ᠴᠢᠬᠤᠯᠠ ᠶᠡᠬᠡ ᠥᠭᠡᠷᠡᠴᠢᠯᠡᠯᠲᠡ ᠬᠢᠨ᠎ᠡ᠃ 2027 ᠣᠨ᠎ᠠᠴᠠ ᠡᠬᠢᠯᠡᠨ ᠬᠡᠷᠡᠭᠵᠢᠭᠦᠯᠦᠨ᠎ᠡ᠂ ᠠᠮᠢᠳᠤ ᠪᠣᠳᠠᠰ᠂ ᠭᠠᠵᠠᠷ ᠵᠦᠢ ᠵᠡᠷᠭᠡ ᠬᠢᠴᠢᠶᠡᠯ ᠲᠥᠷᠥᠯ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠳᠤ ᠵᠡᠷᠭᠡ ᠳᠡᠰ᠎ᠤᠨ ᠳᠦᠷᠢᠮ᠎ᠤᠨ ᠰᠢᠯᠭᠠᠯᠲᠠ ᠬᠢᠨ᠎ᠡ᠂ A᠂ B᠂ C᠂ D ᠳᠥᠷᠪᠡᠨ ᠳᠡᠰ ᠬᠤᠪᠢᠶᠠᠨ᠎ᠠ》᠂《ᠵᠢᠱ᠌ᠢᠶ᠎ᠡ ᠦᠵᠡᠭᠦᠯᠬᠦ ᠴᠢᠨᠠᠷᠲᠠᠢ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠨᠡᠷ᠎ᠡ ᠮᠡᠳᠡᠭᠦᠯᠦᠭᠰᠡᠳ᠎ᠤᠨ ᠠᠮᠢᠳᠤ ᠪᠣᠳᠠᠰ᠂ ᠭᠠᠵᠠᠷ ᠵᠦᠢ᠎ᠶᠢᠨ ᠬᠢᠴᠢᠶᠡᠯ ᠲᠥᠷᠥᠯ ᠨᠢ A ᠲᠠᠰ ᠪᠤᠶᠤ B ᠲᠠᠰ᠎ᠲᠤ ᠬᠦᠷᠬᠦ ᠴᠢᠬᠤᠯᠠᠲᠠᠢ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠨᠡᠷ᠎ᠡ ᠮᠡᠳᠡᠭᠦᠯᠦᠭᠰᠡᠳ᠎ᠤᠨ ᠬᠢ C ᠲᠠᠰ᠎ᠲᠤ ᠬᠦᠷᠬᠦ ᠬᠡᠷᠡᠭᠲᠡᠢ》 ᠵᠡᠷᠭᠡ ᠠᠭᠤᠯᠭ᠎ᠠ᠎ᠶᠢ ᠪᠠᠭᠲᠠᠭᠠᠨ᠎ᠠ᠃

ᠳᠡᠭᠡᠷᠡᠬᠢ ᠮᠡᠳᠡᠭᠡ ᠵᠠᠩᠭᠢ ᠨᠢ ᠴᠥᠮ ᠦᠨᠡᠨ ᠪᠤᠳᠠᠳᠠᠢ ᠪᠢᠰᠢ᠂ ᠥᠷᠭᠡᠨ ᠣᠯᠠᠨ ᠰᠢᠯᠭᠠᠭᠤᠯᠤᠭ᠍ᠴᠢ ᠪᠣᠯᠣᠨ ᠭᠡᠷ᠎ᠦᠨ ᠠᠬᠠᠮᠠᠳ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠡᠷᠬᠡ ᠰᠦᠷᠲᠦ ᠮᠡᠳᠡᠭᠡ ᠵᠠᠩᠭᠢ᠎ᠶᠢ ᠣᠯᠵᠤ᠂ ᠴᠤᠤᠷᠬᠠᠯ᠎ᠢ ᠢᠲᠡᠭᠡᠬᠦ ᠦᠭᠡᠢ᠂ ᠴᠤᠤᠷᠬᠠᠯ᠎ᠢ ᠲᠠᠷᠬᠠᠭᠠᠬᠤ ᠦᠭᠡᠢ ᠪᠠᠢᠬᠤ ᠬᠡᠷᠡᠭᠲᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ

2026 ᠣᠨ᠎ᠤ 3 ᠰᠠᠷ᠎ᠠ᠎ᠶᠢᠨ 10᠎ᠤ ᠡᠳᠦᠷ

ᠢᠷᠡᠯᠲᠡ᠄  ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号