ᠬᠥᠬᠡᠬᠣᠲᠠ᠎ᠶᠢᠨ ᠵᠠᠮ ᠬᠠᠷᠢᠯᠴᠠᠭᠠᠨ᠎ᠤ
ᠴᠠᠭᠳᠠᠭ᠎ᠠ ᠵᠢᠷᠭᠢᠶ᠎ᠡ᠎ᠶᠢᠨ ᠲᠡᠪᠴᠡᠨᠭ 11᠎ᠤ ᠡᠳᠦᠷ ᠠᠯᠪᠠᠨ ᠵᠠᠷᠯᠠᠯ ᠨᠡᠢᠲᠡᠯᠡᠵᠦ᠂ ᠵᠣᠣ
ᠤᠳᠠᠬᠦᠭᠦᠷᠭᠡᠨ ᠵᠠᠮ᠎ᠤᠨ ᠭᠣᠣᠯ ᠵᠠᠮ᠎ᠤᠨ ᠡᠮᠦᠨ᠎ᠡ ᠡᠴᠡ ᠬᠤᠢᠨ᠎ᠠ ᠴᠢᠭᠯᠡᠯ᠎ᠤᠨ ᠡᠮᠦᠨ᠎ᠡ ᠬᠣᠶᠠᠳᠤᠭᠠᠷ ᠲᠣᠭᠣᠷᠢᠯ
ᠵᠠᠮ ᠳ᠋ᠤ ᠤᠷᠤᠬᠤ ᠵᠠᠮ᠂ ᠬᠤᠢᠨ᠎ᠠ ᠡᠴᠡ ᠡᠮᠦᠨ᠎ᠡ ᠴᠢᠭᠯᠡᠯ᠎ᠤᠨ ᠪᠤᠭᠤᠲᠤ ᠶᠡᠬᠡ ᠵᠡᠭᠡᠯᠢᠳ᠋ᠤ ᠭᠠᠷᠬᠤ
ᠵᠠᠮ᠎ᠢ ᠪᠢᠲᠡᠭᠦᠮᠵᠢᠯᠡᠨ᠎ᠡ ᠭᠡᠵᠦ ᠵᠠᠷᠯᠠᠪᠠ᠃ ᠪᠥᠬᠥ ᠠᠭᠤᠯᠭ᠎ᠠ ᠨᠢ ᠳᠣᠣᠷᠠᠬᠢ ᠮᠡᠲᠦ᠄
ᠵᠣᠣ ᠤᠳᠠ ᠵᠠᠮ ᠪᠣᠯᠣᠨ ᠡᠮᠦᠨ᠎ᠡ ᠬᠣᠶᠠᠳᠤᠭᠠᠷ
ᠲᠣᠭᠣᠷᠢᠯ ᠵᠠᠮ᠎ᠤᠨ ᠨᠡᠪᠲᠡᠷᠡᠯᠴᠡᠬᠦ ᠵᠦᠷᠢᠯᠭᠡ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢ
ᠲᠣᠬᠢᠷᠠᠭᠤᠯᠤᠯᠲᠠ ᠶᠣᠰᠣᠭᠠᠷ᠂ ᠵᠠᠮ ᠬᠠᠷᠢᠯᠴᠠᠭᠠᠨ᠎ᠤ ᠡᠮᠬᠢ ᠵᠢᠷᠤᠮ᠎ᠲᠠᠢ᠂ ᠠᠮᠤᠷ ᠲᠦᠪᠰᠢᠨ᠂ ᠰᠠᠭᠠᠳ ᠦᠭᠡᠢ
ᠨᠡᠪᠲᠡᠷᠡᠬᠦ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ 《ᠪᠥᠬᠥᠳᠡ ᠨᠠᠢᠷᠠᠮᠳᠠᠬᠤ
ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠤᠯᠢ》ᠵᠢᠨ ᠭᠤᠴᠢ ᠶᠢᠰᠦᠳᠦᠭᠡᠷ ᠵᠦᠢᠯ᠎ᠦᠨ
ᠲᠣᠭᠲᠠᠭᠠᠯ᠎ᠢ ᠦᠨᠳᠦᠰᠦᠯᠡᠨ᠂ ᠣᠲᠣ᠌ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠵᠠᠷᠯᠠᠶ᠎ᠠ᠄
2026 ᠣᠨ᠎ᠤ 3 ᠰᠠᠷ᠎ᠠ᠎ᠶᠢᠨ 16᠎ᠤ ᠡᠳᠦᠷ᠎ᠦᠨ
ᠲᠡᠭ ᠴᠠᠭ᠎ᠠᠴᠠ ᠡᠬᠢᠯᠡᠨ᠂ ᠵᠣᠣ ᠤᠳᠠᠬᠦᠭᠦᠷᠭᠡᠨ ᠵᠠᠮ᠎ᠤᠨ ᠭᠣᠣᠯ ᠵᠠᠮ᠎ᠤᠨ ᠡᠮᠦᠨ᠎ᠡ ᠡᠴᠡ ᠬᠤᠢᠨ᠎ᠠ ᠴᠢᠭᠯᠡᠯ᠎ᠤᠨ
ᠡᠮᠦᠨ᠎ᠡ ᠬᠣᠶᠠᠳᠤᠭᠠᠷ ᠲᠣᠭᠣᠷᠢᠯ ᠵᠠᠮ ᠳ᠋ᠤ ᠤᠷᠤᠬᠤ ᠵᠠᠮ᠂ ᠬᠤᠢᠨ᠎ᠠ ᠡᠴᠡ ᠡᠮᠦᠨ᠎ᠡ ᠴᠢᠭᠯᠡᠯ᠎ᠤᠨ ᠪᠤᠭᠤᠲᠤ ᠶᠡᠬᠡ
ᠵᠡᠭᠡᠯᠢᠳ᠋ᠤ ᠭᠠᠷᠬᠤ ᠵᠠᠮ᠎ᠢ ᠪᠢᠲᠡᠭᠦᠮᠵᠢᠯᠡᠨ᠎ᠡ᠃ ᠥᠷᠭᠡᠨ ᠣᠯᠠᠨ ᠬᠣᠲᠠ᠎ᠶᠢᠨ ᠠᠷᠠᠳ
ᠶᠠᠪᠤᠵᠦ ᠰᠠᠭᠤᠬᠤ ᠵᠠᠮ ᠵᠢᠡᠨ ᠵᠣᠬᠢᠰᠲᠠᠢ ᠲᠥᠯᠥᠪᠵᠢᠭᠦᠯᠵᠦ᠂ ᠵᠠᠮ ᠬᠠᠷᠢᠯᠴᠠᠭᠠᠨ᠎ᠤ ᠲᠡᠮᠳᠡᠭ᠂ ᠵᠢᠷᠤᠭᠠᠰᠤ᠎ᠶᠢᠨ
ᠵᠢᠭᠠᠯᠲᠠ᠎ᠪᠠᠷ ᠨᠡᠪᠲᠡᠷᠡᠬᠦ ᠪᠤᠯᠪᠠᠦ᠂ ᠲᠠ ᠤᠯᠠᠨ᠎ᠳᠦ ᠲᠦᠪᠡᠭ ᠠᠪᠴᠢᠷᠠᠯ᠎ᠠ᠂ ᠠᠭᠤᠴᠢᠯᠠᠭᠠᠷᠠᠢ᠃
ᠣᠨᠴᠠᠭᠠᠢᠯᠠᠨ ᠵᠠᠷᠯᠠᠪᠠ᠃
ᠬᠥᠬᠡᠬᠣᠲᠠ᠎ᠶᠢᠨ
ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠵᠠᠮ
ᠬᠠᠷᠢᠯᠴᠠᠭᠠᠨ᠎ᠤ ᠬᠠᠮᠢᠶᠠᠷᠤᠯᠲᠠ ᠶᠢᠨ ᠰᠠᠯᠪᠤᠷᠢ ᠠᠩᠭᠢ
2026 ᠣᠨ᠎ᠤ 3 ᠰᠠᠷ᠎ᠠ᠎ᠶᠢᠨ 10᠎ᠤ ᠡᠳᠦᠷ
ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ