ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷᠡᠬᠢ ᠶᠠᠷᠢᠶ᠎ᠠ
2026-03-13 09:18:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

                  (2026 ᠣᠨ᠎ᠤ  3 ᠰᠠᠷ᠎ᠠ᠎ᠶ᠋ᠢᠨ 12᠎ᠤ᠋ᠨ ᠡᠳᠦᠷ)

                             ᠵᠤᠤ ᠯᠸ ᠵᠶ᠋ᠢ


ᠲᠥᠯᠥᠭᠡᠯᠡᠭ᠌ᠴᠢᠳ ᠡ᠄

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠤᠷᠠᠯ᠎ᠨᠢ ᠠᠷᠠᠳᠴᠢᠯᠠᠯ᠎ᠢ ᠪᠠᠳᠠᠷᠠᠭᠤᠯᠬᠤ᠂ ᠦᠷᠭᠡᠨ᠎ᠵᠢᠡᠷ ᠰᠠᠨᠠᠯ ᠬᠤᠷᠢᠶᠠᠵᠤ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠎ᠵᠢ ᠪᠠᠷᠢᠮᠲᠠᠯᠠᠵᠤ᠂ ᠬᠠᠤᠯᠢ᠎ᠶ᠋ᠢ ᠴᠢᠩᠭ᠎ᠠ ᠵᠢᠷᠤᠮᠯᠠᠨ ᠠᠵᠢᠯᠯᠠᠵᠤ᠂ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠵᠦ᠍᠂ ᠨᠢᠭᠡ ᠤᠳᠠᠭ᠎ᠠ᠎ᠵᠢᠨ ᠰᠡᠳᠭᠢᠯ ᠨᠢᠬᠡᠲᠤᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠵᠠᠢ᠃

ᠲᠥᠯᠥᠭᠡᠯᠡᠭ᠌ᠴᠢᠳ ᠨᠠᠮ ᠪᠠ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠡᠷᠭᠡ ᠢᠯᠡᠳᠭᠡᠯ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ ᠪᠠ ᠣᠨ᠎ᠤ ᠲᠥᠯᠥᠪᠯᠡᠭᠡ᠂ ᠲᠦᠰᠦᠪ᠎ᠢ ᠬᠢᠨᠠᠨ ᠪᠠᠢᠴᠠᠭᠠᠵᠤ ᠵᠥᠪᠱᠢᠶᠡᠷᠡᠵᠦ᠂ ᠠᠮᠢ ᠠᠬᠤᠶ᠎ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠵᠢ ᠬᠢᠨᠠᠨ ᠵᠦᠪᠯᠡᠵᠦ ᠪᠠᠲᠤᠯᠠᠪᠠ᠂ ᠬᠤᠷᠠᠯ᠎ᠤᠨ ᠦᠷ᠎ᠡ ᠪᠦᠲᠦᠭᠡᠯ᠎ᠨᠢ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠳᠡᠭᠡᠳᠦ ᠬᠡᠮᠵᠢᠶᠡᠨ᠎ᠦ ᠨᠢᠭᠡᠳᠦᠯ᠎ᠢ ᠢᠯᠡᠷᠡᠭᠦᠯᠵᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠪᠦᠯᠬᠦᠮᠳᠡᠨ ᠲᠡᠮᠡᠴᠡᠵᠦ᠍᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠲᠠᠰᠤᠷᠠᠯᠲᠠ ᠦᠭᠡᠢ ᠲᠦᠯᠬᠢᠨ ᠤᠷᠤᠭ᠍ᠰᠢᠯᠠᠭᠤᠯᠬᠤ ᠪᠠᠲᠤ ᠢᠲᠡᠭᠡᠯ ᠪᠠ ᠠᠤᠭ᠎ᠠ ᠶᠡᠬᠡ ᠬᠦᠴᠦᠨ ᠴᠢᠳᠠᠯ᠎ᠢ ᠢᠯᠡᠷᠡᠭᠦᠯᠪᠡ᠃

ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠍᠎ᠶ᠋ᠢ ᠵᠠᠰᠠᠬᠤ ᠨᠢᠭᠡᠨ ᠴᠢᠬᠤᠯᠠ ᠲᠤᠷᠱᠢᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠨᠢᠭᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠵᠢᠨ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠰᠠᠢᠲᠤᠷ ᠬᠡᠷᠡᠭ᠌ᠵᠢᠭᠦᠯᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃

ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠥᠷᠪᠡᠳᠦᠭᠡᠷ ᠪᠦᠭᠦᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠵᠠᠷᠴᠢᠮ᠂ ᠬᠠᠷᠠᠯᠲᠠ ᠡᠭᠦᠷᠭᠡ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠣᠨᠣᠪᠴᠢᠲᠠᠢ ᠡᠵᠡᠮᠳᠠᠵᠤ᠂ ᠲᠤᠰ ᠤᠳᠠᠭ᠎ᠠ᠎ᠶᠢᠨ ᠶᠡᠬᠡ ᠬᠤᠷᠠᠯ᠎ᠤᠨ ᠪᠠᠢᠷᠢᠯᠠᠭᠤᠯᠤᠯᠲᠠ ᠲᠤᠬᠢᠷᠠᠭᠤᠯᠤᠯᠲᠠ ᠶᠣᠰᠣᠭᠠᠷ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠳᠠᠢ ᠪᠦᠲᠦᠮᠵᠢᠲᠡᠢ ᠰᠠᠢᠲᠤᠷ ᠬᠢᠵᠦ᠍᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ᠎ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠠᠤᠭ᠎ᠠ ᠵᠢᠷᠤᠭ ᠲᠦᠰᠦᠪ᠎ᠢ ᠠᠯᠬᠤᠮ ᠠᠯᠬᠤᠮ᠎ᠢᠶᠠᠷ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭ᠌ᠲᠡᠢ᠃

ᠪᠢᠳᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭᠵᠢᠭᠦᠯᠵᠦ᠂ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠳᠠᠪᠠᠭᠤᠯᠢᠭ᠎ᠢ ᠦᠨᠡᠨ ᠬᠦ᠌ ᠪᠠᠳᠠᠷᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭ᠌ᠲᠡᠢ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠦᠨᠡᠨᠴᠢ ᠱᠢᠳᠤᠷᠭᠤ᠎ᠪᠠᠷ ᠠᠷᠠᠳ ᠲᠦᠮᠡᠨ᠎ᠦ ᠠᠱᠢᠭ ᠲᠤᠰᠠ ᠪᠠ ᠬᠦᠰᠡᠯ ᠵᠤᠷᠢᠯᠲᠠ ᠎ᠶᠢ ᠲᠥᠯᠥᠭᠡᠯᠡᠵᠦ᠍᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠲᠤᠬᠠᠢᠯᠠᠭ᠍ᠰᠠᠨ ᠠᠵᠢᠯ᠎ᠤᠨ ᠪᠠᠢᠷᠢ ᠳᠡᠭᠡᠷ᠎ᠡ᠎ᠪᠡᠨ ᠭᠠᠪᠢᠶ᠎ᠠ ᠪᠠᠢᠭᠤᠯᠤᠨ ᠦᠢᠯᠡᠰ ᠪᠦᠲᠦᠭᠡᠵᠦ᠍᠂ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠬᠤ᠎ᠶ᠋ᠢ ᠪᠠᠷᠢᠮᠲᠠᠯᠠᠵᠤ᠂ ᠤᠯᠠᠮ ᠨᠢᠭᠡ ᠠᠯᠬᠤᠮ 《ᠲᠦᠷᠪᠡᠨ ᠤᠬᠠᠮᠰᠠᠷ》᠎ᠢ᠋ᠢᠡᠨ  ᠴᠢᠩᠭᠠᠳᠭᠠᠨ᠂ 《ᠲᠦᠷᠪᠡᠨ ᠢᠲᠡᠭᠡᠯ》᠎ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠱᠢᠭᠤᠷᠬᠠᠢᠯᠠᠨ ᠴᠢᠷᠮᠠᠢᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠠᠷᠠᠳ ᠲᠦᠮᠡᠨ᠎ᠤ ᠲᠥᠯᠦᠭᠡ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠡᠷ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠭᠠᠷᠭᠠᠬᠤ᠎ᠪᠡᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠭᠡᠭᠡᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号