ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠭᠤᠷᠪᠠᠳᠤᠭᠠᠷ ᠬᠤᠷᠠᠯ ᠬᠤᠷᠠᠯᠳᠤᠪᠠ
2026-03-13 09:26:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠣᠣ ᠯᠸ ᠵᠢᠶ ᠬᠤᠷᠠᠯ᠎ᠢ ᠡᠷᠭᠢᠯᠡᠵᠠᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠭᠤᠷᠪᠠᠳᠤᠭᠠᠷ ᠬᠤᠷᠠᠯ 12 ᠤ᠋ᠨ  ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃

ᠬᠤᠷᠠᠯ ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠂ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠭᠦᠯᠦᠭᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠲᠤᠯᠤᠭᠠᠨ ᠱᠢᠢᠳᠪᠦᠷᠢ᠎ᠶ᠋ᠢᠨ ᠲᠥᠰᠦᠯ ᠪᠠ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠮᠡᠳᠡᠭᠦᠯᠦᠯᠲᠡ᠎ᠶ᠋ᠢ ᠵᠥᠪᠱᠢᠶᠡᠷᠡᠬᠦ ᠲᠤᠬᠠᠢ ᠲᠣᠭ᠍ᠲᠠᠭᠠᠯ᠎ᠤᠨ ᠲᠥᠰᠦᠯ᠎ᠢ ᠬᠢᠨᠠᠨ ᠵᠦᠪᠯᠡᠭᠰᠡᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠤ᠂ ᠬᠣᠯᠪᠣᠭ᠍ᠳᠠᠯ ᠪᠥᠬᠥᠶ ᠱᠢᠶ᠋ᠳᠪᠦᠷᠢ᠎ᠶ᠋ᠢᠨ ᠲᠥᠰᠦᠯ ᠪᠠ ᠲᠣᠭ᠍ᠲᠠᠭᠠᠯ᠎ᠤᠨ ᠲᠥᠰᠦᠯ᠎ᠢ ᠪᠠᠲᠤᠯᠠᠭᠤᠯᠬᠤ ᠨᠤᠤᠷᠠᠭ᠎ᠢ ᠬᠢᠨᠠᠨ ᠵᠥᠪᠯᠡᠪᠡ᠃

ᠬᠤᠷᠠᠯ ᠡᠴᠡ ᠳᠡᠭᠡᠷ᠎ᠡ ᠳᠤᠷᠠᠳᠤᠭ᠍ᠰᠠᠨ ᠲᠥᠰᠦᠯ᠎ᠦᠨ ᠪᠠᠲᠤᠯᠠᠭᠤᠯᠬᠤ ᠨᠤᠤᠷᠠᠭ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠬᠤᠷᠠᠯ᠎ᠳᠤ ᠳᠡᠪᠱᠢᠭᠦᠯᠦᠨ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢ᠌ᠲ᠋ᠢ·ᠵᠠᠺᠸᠯ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号