ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠳᠦ ᠲᠡᠭᠦᠰᠪᠡ
2026-03-13 09:28:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ     《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ     ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠡᠷᠭᠡ᠎ᠶ᠋ᠢ ᠵᠥᠪᠱᠢᠶᠡᠷᠡᠪᠡ

ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ     ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ    ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠵᠡᠷᠭᠡ᠎ᠵᠢ ᠪᠠᠳᠤᠯᠠᠵᠠᠢ

ᠰᠢ ᠵᠢᠨ ᠫᠢᠩ ᠲᠡᠷᠢᠭᠦᠯᠡᠭ᠌ᠴᠢ᠎ᠶ᠋ᠢᠨ ᠵᠠᠷᠯᠢᠭ ᠲᠤ᠌ ᠭᠠᠷ᠎ᠤᠨ ᠥᠰᠥᠭ ᠵᠢᠷᠤᠪᠠ

ᠰᠢ ᠵᠢᠨ ᠫᠢᠩ   ᠯᠢ ᠴᠢᠶᠠᠩ    ᠸᠠᠩ ᠬᠤ᠌ ᠨᠢᠩ    ᠼᠠᠢ ᠴᠢ    ᠳ᠋ᠢᠩ ᠱᠢᠤᠸᠠᠢ ᠱᠢᠶᠠᠩ    ᠯᠢ ᠰᠢ    ᠬᠠᠨ ᠵᠧᠩ᠎ᠨᠡᠷ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠲᠠᠪᠠ      ᠵᠣᠣ ᠯᠸ ᠵᠢᠶ ᠬᠤᠷᠠᠯ ᠢ᠋ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ 12 ᠤ᠋ᠨ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠶᠡᠬᠡ ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠡᠷᠭᠡ᠎ᠶ᠋ᠢ ᠵᠥᠪᠱᠢᠶᠡᠷᠡᠪᠡ᠃ ᠶᠡᠬᠡ ᠬᠤᠷᠠᠯ ᠡᠴᠡ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠂ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠢ ᠲᠣᠭ᠍ᠲᠠᠭᠠᠯ᠎ᠢ ᠪᠠᠲᠤᠯᠠᠵᠤ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠲᠠᠯᠠᠲᠤᠭᠠᠷ ᠲᠤᠭᠠᠳᠤ᠂ ᠲᠠᠯᠠᠨ ᠨᠢᠬᠡᠲᠥᠬᠡᠷ ᠲᠤᠭᠠᠳᠤ᠂ ᠲᠠᠯᠠᠨ ᠬᠤᠶᠠᠲᠤᠭᠠᠷ ᠲᠤᠭᠠᠳᠤ᠂ ᠲᠠᠯᠠᠨ ᠭᠤᠷᠪᠠᠲᠤᠭᠠᠷ ᠲᠣᠭᠠᠲᠤ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷ᠎ᠤᠨ ᠦᠰᠦᠭ ᠵᠢᠷᠤᠪᠠ᠃


QQ截图20260312093543.png


3 ᠰᠠᠷ᠎ᠠ᠎ᠶ᠋ᠢᠨ 12 ᠤ᠋ᠨ ᠦᠳᠡ ᠵᠢᠨ ᠬᠤᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠨᠠᠮ ᠪᠠ ᠲᠦᠷᠦ ᠵᠢᠨ ᠤᠳᠤᠷᠢᠳᠬᠤ ᠬᠦᠮᠦᠨ  ᠰᠢ ᠵᠢᠨ ᠫᠢᠩ᠂ ᠯᠢ ᠴᠢᠶᠠᠩ᠂ ᠸᠠᠩ ᠬ᠍ᠣ ᠨᠢᠩ᠂ ᠼᠠᠢ ᠴᠢ᠂ ᠳ᠋ᠢᠩ ᠱᠢᠤᠸᠠᠢ ᠱᠢᠶᠠᠩ᠂  ᠯᠢ ᠰᠢ᠂ ᠬᠠᠨ ᠵᠧᠩ ᠨᠠᠷ   ᠲᠡᠷᠢᠭᠦᠯᠡᠭ᠌ᠴᠢᠳ᠎ᠦᠨ ᠲᠠᠢᠰᠠᠨ᠎ᠳᠤ  ᠰᠠᠭᠠᠲᠠᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ   ᠰᠢᠶᠧ ᠬᠤᠸᠠᠨ ᡂᠢ   ᠰᠡᠬᠦᠳᠡᠷᠯᠡᠪᠡ


QQ截图20260207120745.png


3 ᠰᠠᠷ᠎ᠠ᠎ᠶ᠋ᠢᠨ 12 ᠤ᠋ᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ  ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠲᠡᠭᠦᠰᠭᠦ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠱᠧᠨ ᠬᠤᠩ  ᠰᠡᠬᠦᠳᠡᠷᠯᠡᠪᠡ


ᠲᠡᠭᠦᠰᠭᠦ ᠬᠤᠷᠠᠯ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

ᠰᠢ ᠵᠢᠨ ᠫᠢᠩ᠂ ᠯᠢ ᠴᠢᠶᠠᠩ᠂ ᠸᠠᠩ ᠬ᠍ᠣ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2878 ᠬᠥᠮᠦᠨ ᠪᠠᠢᠵᠤ᠂ 2762 ᠬᠥᠮᠦᠨ ᠣᠷᠣᠯᠴᠠᠵᠤ᠂ 116 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠠᠢ᠃

ᠦᠳᠡ᠎ᠶ᠋ᠢᠨ ᠬᠣᠢᠨᠠᠬᠢ 3 ᠴᠠᠭ᠎ᠲᠤ ᠵᠣᠣ ᠯᠸ ᠵᠢᠶ ᠬᠤᠷᠠᠯ ᠡᠬᠢᠯᠡᠭ᠌ᠰᠡᠨ᠎ᠢ ᠵᠠᠷᠯᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠡᠮᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠠᠢ᠃ ᠱᠢᠢᠳᠪᠦᠷᠢ᠎ᠳᠦ᠂ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ᠎ᠪᠥᠲᠥᠮᠵᠢ  ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳ᠋ᠡᠬᠢ ᠭᠣᠣᠯ ᠬᠠᠷᠠᠯᠲᠠ᠂ ᠴᠢᠬᠤᠯᠠ ᠶᠡᠬᠡ ᠡᠭᠦᠷᠭᠡ ᠪᠣᠯᠤᠨ 2026 ᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠵᠥᠪᠱᠢᠶᠡᠷᠡᠵᠦ᠍᠂ ᠲᠤᠰ ᠢᠯᠡᠳᠭᠡᠯ ᠢ᠋ ᠵᠥᠪᠱᠢᠶᠡᠷᠡᠬᠦ᠌᠎ᠪᠡᠷ ᠲᠣᠭ᠍ᠲᠠᠵᠠᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ᠎ᠶ᠋ᠢ ᠪᠠᠲᠤᠯᠠᠪᠠ᠃ ᠱᠢᠢᠳᠪᠦᠷᠢ᠎ᠳᠦ᠂ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠵᠥᠪᠱᠢᠶᠡᠷᠡᠵᠦ᠍᠂ ᠲᠤᠰ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠵᠥᠪᠱᠢᠶᠡᠷᠡᠬᠦ᠌᠎ᠪᠡᠷ ᠲᠣᠭ᠍ᠲᠠᠵᠠᠢ ᠬᠡᠵᠤ ᠵᠢᠭᠠᠵᠤ ᠭᠠᠷᠭᠠᠪᠠ᠃ ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠥ᠌ ᠲᠠᠯ᠎ᠠ᠎ᠪᠠᠷ ᠲᠤᠭᠤᠱᠢᠯᠠᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠤᠬᠰᠠᠨ》 ᠶᠡᠷᠦᠩᠬᠡᠶ ᠪᠠᠢᠷᠢᠰᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠳᠠ᠎ᠶ᠋ᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠦᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯ ᠪᠣᠯᠭᠠᠬᠤ᠎ᠶ᠋ᠢ ᠪᠠᠷᠢᠮᠲᠠᠯᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠤᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠯᠠᠪᠳᠠᠭᠤᠨ ᠪᠠᠲᠤᠲᠠᠢ ᠠᠯᠬᠤᠮ ᠠᠯᠬᠤᠬᠤ ᠵᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃

ᠬᠤᠷᠠᠯ ᠡᠴᠡ ᠪᠠᠳᠤᠯᠠᠯᠳᠠ ᠬᠢᠬᠦ ᠪᠡᠷ ᠳᠠᠮᠵᠢᠨ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠪᠠᠲᠤᠯᠠᠪᠠ᠃ ᠠᠮᠢ ᠠᠬᠤᠶ ᠣᠷᠴᠢᠨ ᠲᠤᠭᠤᠷᠢᠨ ᠤ᠋ ᠬᠠᠤᠯᠢ᠎ᠶ᠋ᠢᠨ ᠪᠢᠴᠢᠭ᠎ᠢ 2026 ᠣᠨ᠎ᠤ 8 ᠰᠠᠷ᠎ᠠ᠎ᠶ᠋ᠢᠨ 15᠎ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ 2026 ᠣᠨ᠎ᠤ 7 ᠰᠠᠷ᠎ᠠ᠎ᠶ᠋ᠢᠨ 1᠎ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠨᠡᠢᠲᠡᠯᠡᠭ᠌ᠰᠡᠨ ᠡᠳᠦᠷ ᠡᠴᠡ ᠡᠬᠢᠯᠡᠵᠦ᠍ ᠬᠡᠷᠡᠭ᠌ᠵᠢᠭᠦᠯᠦᠨ᠎ᠡ᠃

ᠬᠤᠷᠠᠯ ᠡᠴᠡ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠪᠡ; 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ᠎ᠶ᠋ᠢ ᠪᠠᠲᠤᠯᠠᠵᠤ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2026 ᠣᠨ᠎ᠤ ᠲᠥᠪ᠎ᠦᠨ ᠲᠥᠰᠦᠪ᠎ᠢ ᠵᠥᠪᠱᠢᠶᠡᠷᠡᠪᠡ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ᠎ᠶ᠋ᠢ ᠪᠠᠲᠤᠯᠠᠪᠠ᠃ ᠱᠢᠢᠳᠪᠦᠷᠢ᠎ᠳᠦ᠂ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠲᠡ᠎ᠵᠢ ᠵᠥᠪᠱᠢᠶᠡᠷᠡᠬᠦ᠌᠎ᠪᠡᠷ ᠲᠣᠭ᠍ᠲᠠᠵᠠᠢ ᠭᠡᠵᠦ ᠵᠢᠭᠠᠵᠤ ᠭᠠᠷᠭᠠᠪᠠ᠃

ᠬᠤᠷᠠᠯ᠎ᠡᠴᠡ ᠪᠠᠲᠤᠯᠠᠯᠲᠠ ᠬᠢᠬᠦ᠌ ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠰᠢᠢᠳᠪᠦᠷᠢ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢ ᠪᠠᠲᠤᠯᠠᠵᠤ᠂ ᠡᠨᠡ ᠬᠣᠶᠠᠷ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ ᠡᠴᠡ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠣᠭ᠍ᠲᠠᠭᠠᠯ᠎ᠢ ᠪᠠᠲᠤᠯᠠᠪᠠ᠃

ᠳᠠᠷᠠᠭ᠎ᠠ ᠨᠢ᠂ ᠵᠤᠤ ᠯᠸ ᠵᠶ᠋ᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠤᠷᠠᠯ᠎ᠨᠢ ᠠᠷᠠᠳᠴᠢᠯᠠᠯ᠎ᠢ ᠪᠠᠳᠠᠷᠠᠭᠤᠯᠬᠤ᠂ ᠦᠷᠬᠡᠨ᠎ᠢᠶᠡᠷ ᠰᠠᠨᠠᠯ ᠬᠤᠷᠢᠶᠠᠵᠤ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ ᠶ᠋ᠢ ᠪᠠᠷᠢᠮᠲᠠᠯᠠᠵᠤ᠂ ᠬᠠᠤᠯᠢ᠎ᠶ᠋ᠢ ᠴᠢᠩᠭ᠎ᠠ ᠵᠢᠷᠤᠮᠯᠠᠨ ᠠᠵᠢᠯᠯᠠᠵᠤ᠂ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠵᠦ᠍᠂ ᠨᠢᠬᠡ ᠤᠳᠠᠭ᠎ᠠ ᠵᠢᠨ ᠰᠡᠳᠭᠢᠯ  ᠨᠢᠬᠡᠲᠥᠨ  ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠵᠠᠢ ᠭᠡᠪᠡ᠃

ᠵᠣᠣ ᠯᠸ ᠵᠢᠶ᠂ ᠲᠥᠯᠥᠭᠡᠯᠡᠭ᠌ᠴᠢᠳ ᠨᠠᠮ ᠪᠠ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍ ᠪᠠᠢᠨ᠎ᠠ᠂ ᠬᠠᠤᠯᠢ᠎ᠪᠠᠷ ᠲᠣᠭ᠍ᠲᠠᠭᠠᠭ᠍ᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠡᠷᠭᠡ ᠢᠯᠡᠳᠬᠡᠯ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ ᠪᠠ ᠣᠨ᠎ᠤ ᠲᠥᠯᠥᠪᠯᠡᠭᠡ᠂ ᠲᠥᠰᠦᠪ᠎ᠢ ᠬᠢᠨᠠᠨ ᠪᠠᠢᠴᠠᠭᠠᠵᠤ ᠵᠥᠪᠱᠢᠶᠡᠷᠡᠵᠦ᠂ ᠠᠮᠢ ᠠᠬᠤᠶ ᠣᠷᠴᠢᠨ ᠲᠤᠭᠤᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠵᠢ ᠬᠢᠨᠠᠨ ᠵᠦᠪᠯᠡᠵᠦ ᠪᠠᠲᠤᠯᠠᠪᠠ᠂ ᠬᠤᠷᠠᠯ᠎ᠤᠨ ᠦᠷ᠎ᠡ ᠪᠦᠲᠦᠭᠡᠯ᠎ᠨᠢ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠳᠡᠭᠡᠳᠦ ᠬᠡᠮᠵᠢᠶᠡᠨ᠎ᠦ ᠨᠢᠭᠡᠳᠦᠯ᠎ᠢ ᠢᠯᠡᠷᠡᠭᠦᠯᠵᠦ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠪᠦᠯᠬᠦᠮᠳᠡᠨ ᠲᠡᠮᠡᠴᠡᠵᠦ᠍᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠲᠠᠰᠤᠷᠠᠯᠲᠠ ᠦᠭᠡᠢ ᠲᠦᠯᠬᠢᠨ ᠤᠷᠤᠭ᠍ᠰᠢᠯᠠᠭᠤᠯᠬᠤ ᠪᠠᠲᠤ ᠢᠲᠡᠭᠡᠯ ᠪᠠ ᠠᠤᠭ᠎ᠠ ᠶᠡᠬᠡ ᠬᠦᠴᠦᠨ ᠴᠢᠳᠠᠯ᠎ᠢ ᠢᠯᠡᠷᠡᠭᠦᠯᠵᠠᠢ ᠭᠡᠵᠦ ᠵᠢᠭᠠᠵᠤ ᠭᠠᠷᠭᠠᠪᠠ᠃

ᠵᠤᠤ ᠯᠸ ᠵᠶ᠋ᠢ᠂ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠍᠎ᠶ᠋ᠢ ᠵᠠᠰᠠᠬᠤ ᠨᠢᠬᠡᠨ᠌ ᠴᠢᠬᠤᠯᠠ ᠲᠤᠷᠱᠢᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠨᠢᠬᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠵᠢᠨ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠰᠠᠢᠲᠤᠷ ᠬᠡᠷᠡᠭ᠌ᠵᠢᠭᠦᠯᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ ᠭᠡᠪᠡ᠃

ᠵᠤᠤ ᠯᠸ ᠵᠶ᠋ᠢ᠂ ᠪᠢᠳᠠ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠥᠷᠪᠡᠳᠦᠭᠡᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠎ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠵᠠᠷᠴᠢᠮ᠂ ᠬᠠᠷᠠᠯᠲᠠ ᠡᠭᠦᠷᠭᠡ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠢ᠎ᠡ᠎ᠶ᠋ᠢ ᠣᠨᠣᠪᠴᠢᠲᠠᠢ ᠡᠵᠡᠮᠳᠡᠵᠦ᠍᠂ ᠲᠤᠰ ᠤᠳᠠᠭ᠎ᠠ᠎ᠶ᠋ᠢᠨ ᠶᠡᠬᠡ ᠬᠤᠷᠠᠯ᠎ᠤᠨ ᠪᠠᠢᠷᠢᠯᠠᠭᠤᠯᠤᠯᠲᠠ ᠲᠤᠬᠢᠷᠠᠭᠤᠯᠤᠯᠳᠠ ᠶᠣᠰᠣᠭᠠᠷ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠪᠦᠲᠦᠮᠵᠢᠲᠡᠢ ᠰᠠᠢᠲᠤᠷ ᠬᠢᠵᠦ᠍᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠠᠤᠭ᠎ᠠ ᠵᠢᠷᠤᠭ ᠲᠦᠰᠦᠪ᠎ᠢ ᠰᠠᠢ᠌ᠨ ᠰᠠᠢᠬᠠᠨ ᠪᠤᠳᠠᠳᠤ ᠠᠬᠤᠢ ᠪᠤᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠤᠤ ᠯᠸ ᠵᠶ᠋ᠢ᠂ ᠪᠢᠳᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠴᠢᠳᠡᠪᠭᠢ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠤᠯᠤᠰ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠳᠠᠪᠠᠭᠤᠯᠢᠭ᠎ᠢ ᠦᠨᠡᠨ ᠬᠦ᠌ ᠪᠠᠳᠠᠷᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠬᠡᠷᠡᠭ᠌ᠲᠡᠢ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠦᠨᠡᠨᠴᠢ ᠱᠢᠳᠤᠷᠭᠤ᠎ᠪᠠᠷ ᠠᠷᠠᠳ ᠲᠦᠮᠡᠨ᠎ᠦ ᠠᠱᠢᠭ ᠲᠤᠰᠠ ᠪᠠ ᠬᠦᠰᠡᠯ ᠵᠤᠷᠢᠯᠲᠠ ᠎ᠶᠢ ᠲᠥᠯᠥᠭᠡᠯᠡᠵᠦ᠍᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠲᠤᠬᠠᠢᠯᠠᠭ᠍ᠰᠠᠨ ᠠᠵᠢᠯ᠎ᠤᠨ ᠪᠠᠢᠷᠢ ᠳᠡᠭᠡᠷ᠎ᠡ᠎ᠪᠡᠨ ᠭᠠᠪᠢᠶ᠎ᠠ ᠪᠠᠢᠭᠤᠯᠤᠨ ᠦᠢᠯᠡᠰ ᠪᠦᠲᠦᠭᠡᠵᠦ᠍᠂ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠪᠡ᠃

ᠵᠤᠤ ᠯᠸ ᠵᠶ᠋ᠢ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠬᠤ᠎ᠶ᠋ᠢ ᠪᠠᠷᠢᠮᠲᠠᠯᠠᠵᠤ᠂ ᠤᠯᠠᠮ ᠨᠢᠭᠡ ᠠᠯᠬᠤᠮ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠰᠢᠭᠤᠷᠬᠠᠢᠯᠠᠨ᠎ᠴᠢᠷᠮᠠᠢᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠠᠷᠠᠳ ᠲᠦᠮᠡᠨ᠎ᠤ ᠲᠦᠯᠦᠬᠡ ᠵᠠᠰᠠᠭ᠎ᠤᠨ ᠠᠵᠢᠯ᠎ᠤᠨ ᠠᠮᠵᠢᠯᠲᠠ ᠪᠦᠳᠦᠮᠵᠢ ᠭᠠᠷᠭᠠᠬᠤ᠂ ᠪᠣᠳᠠᠲᠠᠢ ᠠᠵᠢᠯᠯᠠᠬᠤ ᠪᠡᠷ ᠵᠠᠰᠠᠭ᠎ᠤᠨ ᠠᠵᠢᠯ᠎ᠤᠨ ᠠᠮᠵᠢᠯᠲᠠ ᠪᠦᠳᠦᠮᠵᠢ ᠭᠠᠷᠭᠠᠬᠤ ᠪᠡᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠦᠨ ᠨᠡᠬᠡᠬᠡᠬᠦ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠦᠳᠡ᠎ᠶ᠋ᠢᠨ ᠬᠣᠢᠨᠠᠬᠢ 3 ᠴᠠᠭ 40 ᠮᠢᠨᠦ᠋ᠲ᠎ᠲᠦ᠂ ᠵᠤᠤ ᠯᠸ ᠵᠶ᠋ᠢ᠄ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠲᠡᠭᠦᠰᠪᠡ ᠭᠡᠵᠦ ᠨᠡᠢᠳᠡᠯᠡᠵᠡᠢ᠃ ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠦᠨᠳᠦᠷᠯᠡᠪᠡ᠃

ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠳ᠎ᠲᠤ ᠪᠠᠰᠠ᠄ ᠸᠠᠩ ᠢ᠂ ᠶᠢᠨ ᠯᠢ᠂ ᠱ᠌ᠢ᠎ᠲᠡᠶ ᠹᠸᠩ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠤ᠌ ᠯᠸᠢ᠂ ᠾᠧ ᠯᠢ ᠹᠸᠩ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠵᠠᠩ ᠱᠧᠩ ᠮᠢᠨ᠂ ᠡᠦ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠨᠭ᠂ ᠮᠤ᠌ ᠬᠤᠩ᠂ ᠰᠢᠶᠠᠨ ᠬᠤᠢ᠂ ᠸᠠᠩ᠎ᠳ᠋ᠦᠩ ᠹᠧᠨᠭ᠂ ᠵᠢᠶᠠᠩ ᠰᠢᠨ ᡁᠢ᠂ ᠵᠢᠶᠠᠩ ᠽᠦᠧᠧ ᠵᠢᠶᠦ᠍ᠢ᠍ᠨ᠂ ᠾᠧ ᠪᠤᠤ ᠰᠢᠶᠠᠩ᠂ ᠸᠠᠩ ᠭᠤᠸᠠᠩ ᠴᠢᠶᠠᠨ᠂ ᠴᠢᠨ ᠪᠦᠧᠧ ᠶᠦᠨᠭ᠂ ᠵᠤ᠌ ᠶᠦᠨᠭ ᠰᠢᠨ᠂ ᠶᠠᠩ ᠵᠧᠨ᠎ᠨᠠᠷ ᠪᠤᠢ᠃

ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃

ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ ᠨᠠᠷ ᠶᠡᠬᠡ ᠬᠤᠷᠠᠯ᠎ᠢ ᠰᠤᠯᠠ ᠰᠣᠨᠣᠰᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号