ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 12 ᠤ᠋ᠨ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠷᠪᠡᠳᠦᠭᠡᠷ ᠤᠳᠠᠭ᠎ᠠ᠎ᠶᠢᠨ ᠬᠤᠷᠠᠯ ᠬᠢᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃
ᠬᠤᠷᠠᠯ᠎ᠳᠤ ᠣᠷᠣᠯᠴᠠᠬᠤ ᠶᠣᠰᠣᠲᠠᠢ ᠬᠦᠮᠦᠨ167 ᠪᠠᠢᠵᠤ᠂ 159 ᠬᠥᠮᠦᠨ ᠣᠷᠣᠯᠴᠠᠵᠤ᠂ 8 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
3 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ ᠪᠠ 12᠎ᠤ᠋ᠨ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠂ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠲᠤᠯᠤᠭᠠᠨ ᠱᠢᠢᠳᠪᠦᠷᠢ᠎ᠶ᠋ᠢᠨ ᠲᠥᠰᠦᠯ ᠪᠠ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠮᠡᠳᠡᠭᠦᠯᠦᠯᠲᠡ᠎ᠶ᠋ᠢ ᠵᠥᠪᠱᠢᠶᠡᠷᠡᠬᠦ᠌ ᠲᠤᠬᠠᠢ ᠲᠣᠭ᠍ᠲᠠᠭᠠᠯ᠎ᠤᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠦᠪᠯᠡᠵᠦ᠂ ᠶᠡᠬᠡ ᠬᠤᠷᠠᠯ᠎ᠤᠨ ᠪᠦᠭᠦᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠶ᠋ᠢ ᠰᠠᠨᠠᠯ ᠨᠢᠭᠡᠲᠡᠢ ᠵᠥᠪᠱᠢᠶᠡᠷᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠡᠯ᠎ᠡ ᠵᠦᠢᠯ᠎ᠦᠨ ᠰᠢᠢᠳᠪᠦᠷᠢ᠎ᠶᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠵᠢ ᠰᠠᠨᠠᠭᠤᠯᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠡᠴᠡ ᠲᠤᠰ ᠲᠤᠰ ᠪᠠᠲᠤᠯᠠᠯᠲᠠ ᠬᠢᠬᠦ᠌᠎ᠪᠡᠷ ᠲᠠᠮᠵᠢᠨ᠂ ᠳᠡᠭᠡᠷ᠎ᠡ ᠳᠤᠷᠠᠳᠤᠭ᠍ᠰᠠᠨ ᠰᠢᠢᠳᠪᠦᠷᠢ᠎ᠶᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢᠲ᠋ᠢ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)