— ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠠᠮᠵᠢᠯᠲᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠶᠡᠬᠡ ᠶᠠᠪᠤᠳᠠᠯ᠎ᠢ ᠵᠥᠪᠯᠡᠵᠦ᠍᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠦᠨ᠂ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ 3 ᠰᠠᠷ᠎ᠠ᠎ᠶ᠋ᠢᠨ 12 ᠤ᠋ᠨ ᠡᠳᠦᠷ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃ ᠡᠨᠡ ᠤᠳᠠᠭ᠎ᠠ᠎ᠶ᠋ᠢᠨ ᠶᠡᠬᠡ ᠬᠤᠷᠠᠯ ᠨᠢ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠬᠠᠤᠯᠢ᠎ᠶ᠋ᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠭᠡᠵᠤ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠤ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠬᠤ᠂ ᠡᠷᠡᠮᠡᠬᠡᠢᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠠᠶᠠᠰ᠎ᠢ ᠬᠠᠩᠭᠢᠨᠠᠭᠤᠯᠪᠠ᠃ ᠶᠡᠬᠡ ᠬᠤᠷᠠᠯ᠎ᠤᠨ ᠦᠷ᠎ᠡ ᠪᠦᠲᠦᠭᠡᠯ ᠡᠯᠪᠡᠭ ᠪᠠᠢᠵᠤ᠂ ᠬᠠᠷᠠᠯᠲᠠ ᠡᠭᠦᠷᠭᠡ᠎ᠶ᠋ᠢ ᠲᠣᠳᠣᠷᠬᠠᠢᠯᠠᠵᠤ᠂ ᠢᠲᠡᠭᠡᠯ ᠬᠦᠴᠦᠨ᠎ᠢ ᠳᠠᠮᠵᠢᠭᠤᠯᠪᠠ᠂ ᠪᠢᠳᠡ ᠶᠡᠬᠡ ᠬᠤᠷᠠᠯ᠎ᠤᠨ ᠠᠮᠵᠢᠯᠲᠠ ᠲᠠᠢ ᠲᠡᠬᠦᠰᠦᠭᠰᠡᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠡᠨᠡ ᠤᠳᠠᠭᠠᠨ᠎ᠤ ᠶᠡᠬᠡ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠪᠣᠯᠤᠨ᠎ᠠ᠃ ᠬᠤᠷᠠᠯ ᠡᠴᠡ ᠥᠩᠭᠡᠷᠡᠭ᠌ᠰᠡᠨ ᠨᠢᠭᠡ ᠵᠢᠯ ᠪᠣᠯᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠨᠠᠮ ᠪᠣᠯᠤᠨ ᠤᠯᠤᠰ᠎ᠤᠨ ᠠᠵᠢᠯ ᠦᠶ᠋ᠯᠡᠰ ᠲᠤ᠌ ᠤᠯᠤᠭᠰᠠᠨ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠵᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠲᠥᠯᠥᠭᠡᠯᠡᠭ᠌ᠴᠢᠳ᠎ᠡᠴᠡ᠂ ᠡᠭᠦᠨ ᠤ᠋ ᠦᠨᠳᠦᠰᠦ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ᠎ᠳᠤ ᠪᠠᠢᠨ᠎ᠠ ᠭᠡᠵᠦ᠍ ᠰᠠᠨᠠᠯ ᠨᠢᠭᠡᠲᠡᠶ ᠦᠵᠡᠵᠡᠭᠡᠪᠡ᠃ ᠶᠡᠬᠡ ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠴᠢᠬᠤᠯᠠ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠂ ᠲᠥᠯᠥᠭᠡᠯᠡᠭ᠌ᠴᠢᠳ ᠡᠴᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠨᠠᠮ᠎ᠤᠨ ᠲᠥᠪ ᠬᠣᠷᠢᠶ᠎ᠠ ᠵᠢᠨ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠠᠵᠢᠯ᠎ᠤᠨ ᠲᠤᠬᠠᠢ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠭᠦᠢᠴᠡᠳ ᠢᠯᠡᠷᠡᠭᠦᠯᠵᠦ᠍᠂ ᠪᠤᠰᠤᠳᠴᠢ ᠪᠦᠬᠦ᠌ ᠲᠠᠯ᠎ᠠ᠎ᠪᠠᠷ ᠠᠮᠵᠢᠯᠲᠠ᠎ᠪᠠᠨ ᠳ᠋ᠦᠩᠨᠡᠵᠦ᠍᠂ ᠬᠠᠷᠠᠯᠲᠠ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠣᠬᠢᠰᠲᠠᠢ ᠲᠤᠬᠢᠷᠠᠭᠤᠯᠵᠠᠢ᠂ ᠡᠨᠡ ᠪᠣᠯ ᠭᠣᠣᠯ ᠰᠡᠳᠦᠪ ᠲᠣᠳᠣᠷᠬᠠᠢ᠂ ᠪᠣᠳᠠᠲᠠᠢ ᠠᠵᠢᠯᠯᠠᠵᠤ ᠤᠷᠤᠭ᠍ᠰᠢᠯᠠᠨ ᠲᠠᠪᠱᠢᠬ᠍ᠰᠠᠨ᠂ ᠪᠦᠯᠬᠦᠮᠳᠡᠨ ᠡᠷᠴᠢ ᠵᠣᠷᠢᠭ ᠢ᠋ ᠬᠥᠪᠴᠢᠯᠡᠭ᠌ᠰᠡᠨ ᠰᠠᠢ᠌ᠨ ᠢᠯᠡᠳᠭᠡᠯ ᠪᠣᠯᠤᠨ᠎ᠠ ᠭᠡᠵᠦ᠍ ᠰᠠᠨᠠᠯ ᠨᠢᠭᠡᠲᠡᠢ ᠦᠵᠡᠵᠡᠭᠡᠪᠡ᠃ ᠶᠡᠬᠡ ᠬᠤᠷᠠᠯ ᠡᠴᠡ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠬᠢᠨᠠᠨ ᠵᠥᠪᠯᠡᠵᠦ᠍ ᠪᠠᠲᠤᠯᠠᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠳᠦ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ᠂ ᠡᠯ᠎ᠡ ᠲᠠᠯ᠎ᠠ᠎ᠶ᠋ᠢᠨ ᠠᠵᠢᠯ ᠱᠢᠨ᠎ᠡ ᠠᠬᠢᠴᠠ ᠪᠠ ᠦᠷ᠎ᠡ ᠪᠦᠲᠦᠮᠵᠢ ᠣᠯᠤᠭ᠍ᠰᠠᠨ᠎ᠢ ᠭᠦᠢᠴᠡᠳ ᠨᠤᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠳᠦ ᠬᠠᠤᠯᠢ ᠪᠡᠷ ᠵᠠᠰᠠᠬᠤ ᠰᠠᠭᠤᠷᠢ᠎ᠶ᠋ᠢ ᠪᠡᠬᠢᠵᠢᠭᠦᠯᠵᠠᠢ ᠭᠡᠵᠦ᠍ ᠰᠠᠨᠠᠯ ᠨᠢᠭᠡᠲᠡᠶ ᠦᠵᠡᠵᠡᠭᠡᠪᠡ᠃
ᠲᠤᠰ ᠤᠳᠠᠭ᠎ᠠ᠎ᠶ᠋ᠢᠨ ᠬᠤᠷᠠᠯ᠎ᠤᠨ ᠴᠢᠬᠤᠯᠠ ᠦᠷ᠎ᠡ ᠪᠦᠲᠦᠭᠡᠯ ᠪᠣᠯᠤᠭ᠍ᠰᠠᠨ᠎ᠤ ᠬᠤᠪᠢ᠎ᠳᠤ᠂ ᠶᠡᠬᠡ ᠬᠤᠷᠠᠯ᠎ᠡᠴᠡ ᠬᠢᠨᠠᠨ ᠪᠠᠢᠴᠠᠭᠠᠵᠤ ᠵᠥᠪᠱᠢᠶᠡᠷᠡᠭ᠌ᠰᠡᠨ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠎ᠵᠢᠨ ᠵᠢᠷᠤᠭ᠍ᠯᠠᠭ᠍ᠰᠠᠨ ᠠᠤᠭ᠎ᠠ ᠲᠥᠰᠦᠪ᠎ᠢ ᠪᠣᠳᠠᠲᠠᠢ᠎ᠶ᠋ᠢ ᠡᠷᠬᠢᠮᠯᠡᠭ᠌ᠰᠡᠨ ᠬᠡᠷᠡᠭ᠌ᠵᠢᠭᠦᠯᠵᠦ᠍ ᠪᠣᠯᠬᠤᠢᠴᠠ ᠪᠠᠷᠢᠯᠭ᠎ᠠ᠎ᠶ᠋ᠢᠨ ᠵᠢᠷᠤᠭ ᠪᠣᠯᠭᠠᠨ ᠬᠤᠪᠢᠷᠠᠭᠤᠯᠵᠤ᠂ ᠪᠦᠬᠦ᠌ ᠨᠠᠮ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠶᠤᠨ ᠤᠬᠠᠭᠠᠨ ᠪᠣᠯᠤᠨ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠥᠪᠯᠡᠷᠡᠩᠭᠦᠢ ᠲᠤᠰᠭᠠᠵᠤ᠂ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠨᠢᠭᠡᠳᠦᠯ᠎ᠢ ᠭᠦᠢᠴᠡᠳ ᠢᠯᠡᠷᠡᠭᠦᠯᠵᠦ᠍᠂ ᠪᠣᠳᠠᠲᠤ ᠪᠠᠢᠳᠠᠯ᠎ᠳᠤ ᠨᠡᠢᠴᠡᠭ᠌ᠰᠡᠨ᠂ ᠬᠦᠰᠡᠯ ᠡᠷᠡᠮᠡᠯᠵᠡᠯ᠎ᠳᠦ ᠨᠡᠢᠴᠡᠭ᠌ᠰᠡᠨ᠂ ᠢᠷᠡᠭᠡᠳᠦᠢ᠎ᠶ᠋ᠢ ᠬᠦᠳᠦᠯᠦᠨ ᠳᠠᠭᠠᠭᠤᠯᠬᠤ ᠴᠢᠨᠠᠷ ᠰᠠᠢᠲᠠᠢ ᠲᠥᠯᠥᠪᠵᠢᠭᠦᠯᠭᠡ᠎ᠶ᠋ᠢᠨ ᠬᠥᠲᠥᠯᠪᠦᠷᠢ ᠪᠣᠯᠵᠠᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠲᠡᠷᠡ ᠨᠢ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ᠎ᠲᠠᠶ ᠪᠠᠢᠵᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠠ ᠠᠶᠤᠯ ᠲᠦᠭ᠌ᠰᠢᠭᠦᠷᠢ ᠱᠢᠯᠭᠠᠯᠲᠠ ᠵᠡᠷᠭᠡ᠎ᠪᠡᠷ ᠣᠷᠣᠱᠢᠵᠤ᠂ ᠲᠣᠭ᠍ᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠮᠡᠭ᠌ᠳᠡᠵᠦ᠍ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠡᠮᠡᠴᠡᠬᠦ᠌ ᠬᠠᠷᠠᠯᠲᠠ᠎ᠶ᠋ᠢ ᠤᠨᠢᠯᠠᠨ᠂ ᠲᠥᠯᠥᠪᠵᠢᠭᠦᠯᠭᠡ ᠪᠠ ᠬᠡᠷᠡᠭ᠌ᠵᠢᠭᠦᠯᠬᠦ᠌ ᠬᠦᠴᠦᠨ᠎ᠢ ᠰᠠᠢᠲᠤᠷ ᠤᠶᠠᠯᠳᠤᠭᠤᠯᠵᠤ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠵᠦ᠍᠂ ᠲᠣᠭ᠍ᠲᠠᠭᠤᠨ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠢᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠡᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠪᠠᠯ ᠯᠠᠪᠲᠠᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠦ ᠴᠢᠳᠠᠨ᠎ᠠ᠃
ᠶᠡᠷᠦᠩᠬᠡᠢ ᠱᠦᠵᠢ ᠰᠢ ᠵᠢᠨ ᠫᠢᠩ᠄ 《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠨᠡᠩ ᠪᠤᠳᠤᠯᠢᠶᠠᠨᠲᠠᠢ ᠣᠷᠴᠢᠨ ᠨᠥᠬᠥᠴᠡᠯ᠎ᠢ ᠠᠷᠭᠠᠴᠡᠭᠠᠵᠤ᠂ ᠨᠡᠩ ᠤᠯᠠᠨ ᠭᠦᠨ ᠳᠠᠪᠬᠤᠷᠭ᠎ᠠ᠎ᠶ᠋ᠢᠨ ᠵᠥᠷᠢᠴᠡᠯ᠎ᠢ ᠱᠢᠢᠳᠪᠦᠷᠢᠯᠡᠬᠦ᠌ ᠴᠢᠬᠤᠯᠠᠲᠠᠢ ᠶᠤᠮ》 ᠭᠡᠵᠦ ᠴᠢᠬᠤᠯᠠᠴᠢᠯᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠡᠨᠡ ᠬᠦ᠌ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠨᠢ ᠦᠢᠯᠡᠳᠦᠯᠭᠡ᠎ᠶ᠋ᠢᠨ ᠳᠤᠮᠳᠠ ᠵᠣᠷᠢᠭ᠍ᠲᠠᠢ᠎ᠪᠠᠷ ᠬᠠᠢᠨ ᠰᠦᠪᠡᠭ᠌ᠴᠢᠯᠡᠵᠦ᠍᠂ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠬᠥᠭ᠌ᠵᠢᠯᠲᠡ᠎ᠶ᠋ᠢ ᠬᠦᠲᠦᠯᠦᠨ ᠳᠠᠭᠠᠭᠤᠯᠵᠤ᠂ ᠢᠷᠡᠭᠡᠳᠦᠢ᠎ᠶ᠋ᠢ ᠲᠡᠮᠡᠴᠡᠨ ᠤᠯᠬᠤ ᠴᠢᠬᠤᠯᠠᠲᠠᠢ᠃ 《ᠠᠷᠪᠠᠨ ᠲᠠᠪᠤᠳᠤᠭᠠᠷ ᠲᠠᠪᠤᠨ ᠵᠢᠯ》᠎ᠳ᠋ᠤ᠌ ᠡᠷᠡᠮᠡᠬᠡᠢᠯᠡᠨ ᠤᠷᠤᠭ᠍ᠰᠢᠯᠠᠬᠤ᠎ᠳᠤ᠂ ᠪᠢᠳᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠬᠠᠷᠠᠯᠲᠠ ᠪᠣᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠲᠠᠯ᠎ᠠ᠎ᠪᠠᠷ ᠱᠢᠨ᠎ᠡ ᠵᠠᠮ ᠨᠡᠭᠡᠭᠡᠵᠦ᠍᠂ ᠠᠵᠤ ᠠᠬᠤᠢ᠎ᠵᠢ ᠱᠢᠨ᠎ᠡ ᠰᠢᠯᠢᠳᠡᠭ ᠲᠡᠢᠰᠢ ᠠᠬᠢᠭᠤᠯᠬᠤ ᠳᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌ ᠬᠡᠷᠡᠭ᠌ᠲᠡᠢ᠃
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠤᠯᠤᠰ᠎ᠤᠨ ᠠᠵᠢᠯ᠎ᠤᠨ ᠳᠤᠮᠳᠠ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠪᠠ ᠪᠦᠲᠦᠮᠵᠢᠲᠡᠢ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠳᠤᠮᠳᠠ ᠠᠷᠠᠳ ᠲᠦᠮᠡᠨ᠎ᠦ ᠬᠦᠰᠡᠯ ᠵᠤᠷᠢᠯᠲᠠ᠎ᠵᠢ ᠢᠯᠡᠷᠡᠭᠦᠯᠦᠨ᠂ ᠠᠷᠠᠳ ᠲᠦᠮᠡᠨ᠎ᠦ ᠡᠷᠬᠡ ᠠᠱᠢᠭ᠎ᠢ ᠪᠠᠲᠤᠯᠠᠵᠤ᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠠᠮᠢᠳᠤᠯᠢᠭ ᠬᠦᠴᠦᠨ᠎ᠢ ᠬᠥᠭ᠌ᠵᠢᠭᠡᠨ᠂ ᠪᠦᠬᠦ᠌ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠳᠡᠭᠡᠷ᠎ᠡ ᠨᠡᠩ ᠪᠦᠲᠦᠮᠵᠢᠲᠡᠢ ᠨᠢᠭ᠍ᠲᠠᠷᠠᠭᠤᠯᠬᠤ ᠬᠡᠷᠡᠭ᠌ᠲᠡᠢ᠃
ᠶᠡᠬᠡ ᠶᠤᠰᠤᠨᠠᠨᠤ ᠳᠦᠭᠦᠮ ᠬᠢᠯᠪᠡᠷ᠂ ᠪᠣᠳᠠᠲᠠᠢ ᠠᠵᠢᠯᠯᠠᠬᠤ ᠨᠢ ᠴᠢᠬᠤᠯᠠ ᠪᠠᠢᠲᠠᠬ; ᠱᠢᠨ᠎ᠡ ᠪᠠᠢᠳᠠᠯ᠎ᠢ ᠨᠡᠭᠡᠭᠡᠬᠥᠳᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠲᠡᠷᠢᠭᠦᠨ᠎ᠳᠦ ᠲᠠᠯᠪᠢᠬᠤ ᠬᠡᠷᠡᠭ᠌ᠲᠡᠢ᠃ ᠥᠩᠭᠡᠷᠡᠭ᠌ᠰᠡᠨ᠎ᠢᠶᠠᠨ ᠡᠷᠭᠢᠴᠡᠭᠦᠯᠬᠦᠶ᠎ᠡ᠂ ᠶᠠᠳᠠᠭᠤ ᠪᠠᠭᠤᠷᠠᠢ ᠲᠠᠷᠢᠶᠠᠯᠠᠩ᠎ᠤᠨ ᠤᠯᠤᠰ᠎ᠡᠴᠡ ᠳᠡᠯᠡᠬᠡᠢ᠎ᠶ᠋ᠢᠨ ᠦᠢᠯᠡᠳᠬᠦ᠌ ᠦᠢᠯᠡᠰ᠎ᠦᠨ ᠨᠢᠭᠡᠳᠦᠭᠡᠷ ᠲᠤᠮᠤ ᠤᠯᠤᠰ᠂ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠬᠦᠷᠲᠡᠯ᠎ᠡ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠤᠬᠰᠠᠨ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠰᠡᠨ᠎ᠡᠴᠡ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠬᠦᠷᠲᠡᠯᠡᠬᠢ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠲᠡᠶ ᠪᠣᠯᠵᠠᠢ᠂ ᠪᠢᠳᠡ ᠪᠣᠳᠠᠲᠠᠢ ᠠᠵᠢᠯᠯᠠᠬᠤ᠎ᠳᠤ ᠲᠦᠱᠢᠭ᠌ᠯᠡᠨ ᠭᠡᠷᠡᠯ ᠰᠠᠴᠤᠷᠠᠩᠭᠤᠢ ᠥᠩᠭᠡᠷᠡᠭ᠌ᠰᠡᠨ᠎ᠢ ᠡᠭᠦᠳᠴᠦ᠍᠂ ᠪᠠᠰᠠ ᠪᠣᠳᠠᠲᠠᠢ ᠠᠵᠢᠯᠯᠠᠬᠤ᠎ᠳᠤ ᠲᠦᠱᠢᠭ᠌ᠯᠡᠨ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠴᠣᠭ᠍ᠴᠠᠯᠠᠬᠤ ᠬᠡᠷᠡᠭ᠌ᠲᠡᠢ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ᠎ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠬᠦ᠌ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠠᠬᠢᠭᠤᠯᠬᠤ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠭᠦᠷᠭᠡ ᠬᠦᠨᠳᠦ᠂ ᠬᠠᠷᠢᠭᠤᠴᠠᠯᠭ᠎ᠠ ᠶᠡᠬᠡ ᠶᠤᠮ᠃ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ ᠤᠯᠤᠰ ᠲᠥᠷᠥ᠎ᠶ᠋ᠢᠨ ᠦᠵᠡᠯᠲᠡ᠂ ᠬᠠᠤᠯᠢ᠎ᠪᠡᠷ ᠵᠠᠰᠠᠬᠤ ᠦᠵᠡᠯᠲᠡ᠂ ᠣᠯᠠᠨ ᠲᠦᠮᠡᠨᠴᠢ ᠦᠵᠡᠯᠲᠡ᠎ᠪᠡᠨ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠳᠤ ᠨᠠᠩ ᠢᠯᠡᠬᠥᠤ ᠣᠢᠷᠠᠲᠤᠵᠤ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠣᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂ ᠠᠷᠠᠳ ᠲᠦᠮᠡᠨ ᠬᠦᠰᠡᠯ ᠱᠠᠭᠠᠷᠳᠠᠯᠭᠠᠲᠡᠢ ᠪᠠᠢᠪᠠᠰᠤ ᠬᠠᠷᠢᠭᠤ ᠲᠤᠰᠬᠠᠯ ᠥᠭ᠌ᠬᠦ᠎ᠵᠢ ᠪᠡᠶᠡᠯᠡᠭᠦᠯᠪᠡᠯ ᠯᠠᠪᠲᠠᠶ ᠠᠵᠢᠯ ᠬᠢᠵᠦ᠍ ᠦᠶ᠋ᠯᠡᠰ ᠪᠤᠰᠭᠠᠬᠤ᠂ ᠪᠦᠯᠬᠦᠮᠳᠡᠨ ᠤᠷᠤᠭ᠍ᠰᠢᠯᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
ᠱᠢᠨ᠎ᠡ ᠠᠶᠠᠨ ᠪᠣᠯ ᠱᠢᠨ᠎ᠡ ᠤᠷᠳᠤ ᠵᠠᠮ᠎ᠤᠨ ᠠᠶᠠᠨ ᠲᠠᠢ᠌ᠨ ᠮᠥᠨ᠂ ᠮᠠᠨ᠎ᠤ ᠢᠷᠡᠭᠡᠳᠦᠢ ᠭᠡᠭᠡᠨ ᠰᠠᠷᠠᠭᠤᠯ ᠪᠠᠢᠨ᠎ᠠ᠂ ᠭᠡᠪᠡᠴᠦ᠍ ᠬᠦᠯ ᠲᠤᠤᠷᠠᠬᠢ ᠵᠠᠮ ᠲᠡᠭᠰᠢ ᠳᠠᠷᠳᠠᠩ ᠪᠢᠰᠢ ᠶᠤᠮ᠃ ᠪᠢᠳᠡ ᠪᠦᠬᠦᠳᠡᠭᠡᠷ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠢ᠋ᠢᠡᠨ ᠴᠢᠩᠭᠠᠳᠭᠠᠨ᠂ 《ᠲᠦᠷᠪᠡᠨ ᠢᠲᠡᠭᠡᠯ》᠎ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠪᠣᠳᠠᠲᠠᠢ ᠠᠵᠢᠯᠯᠠᠬᠤ᠎ᠪᠠᠷ ᠠᠭᠤᠤ ᠶᠡᠬᠡ ᠦᠢᠯᠡᠰ᠎ᠢ ᠪᠦᠲᠦᠭᠡᠵᠦ᠍᠂ ᠱᠢᠨ᠎ᠡ᠎ᠶ᠋ᠢ ᠡᠭᠦᠳᠬᠦ᠌᠎ᠪᠡᠷ ᠢᠷᠡᠭᠡᠳᠦᠢ᠎ᠪᠡᠨ ᠲᠡᠮᠡᠴᠡᠨ ᠣᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠬᠦᠴᠦᠯᠡᠨ ᠪᠡᠶᠡᠯᠡᠭᠦᠯᠵᠦ᠍᠂ ᠨᠢᠭᠡ ᠨᠢᠭᠡ ᠠᠯᠬᠤᠮ᠎ᠢᠶᠡᠷ ᠠᠤᠭ᠎ᠠ ᠶᠡᠬᠡ ᠬᠦᠰᠡᠯ ᠡᠷᠡᠮᠡᠯᠵᠡᠯ᠎ᠢᠶᠡᠨ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠰᠤᠭᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)