ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠳᠤᠭᠤᠢᠯᠠᠩ ᠬᠤᠪᠢᠶᠠᠵᠤ ᠡᠯ᠎ᠡ ᠵᠦᠢᠯ᠎ᠦᠨ ᠱᠢᠢᠳᠪᠦᠷᠢ ᠲᠣᠭ᠍ᠲᠠᠭᠠᠯ᠎ᠤᠨ ᠲᠥᠰᠦᠯ ᠢ᠋ ᠬᠢᠨᠠᠨ ᠵᠥᠪᠯᠡᠪᠡ
2026-03-13 09:46:51
ᠵᠣᠬᠢᠶᠠᠭ᠍ᠴᠢ᠄
ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ   ᠪᠦᠦ ᠭᠠᠩ ᠬᠢᠨᠠᠨ ᠵᠥᠪᠯᠡᠬᠦ᠌᠎ᠳᠦ ᠣᠷᠣᠯᠴᠠᠵᠠᠢ


3 ᠰᠠᠷ᠎ᠠ᠎ᠶ᠋ᠢᠨ 11 ᠤ᠋ ᠦᠳᠡ᠎ᠶ᠋ᠢᠨ ᠬᠣᠢᠨ᠎ᠠ ᠪᠣᠯᠤᠨ 12 ᠤ᠋ᠨ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠶᠡᠬᠡ ᠬᠤᠷᠠᠯ᠎ᠤᠨ ᠡᠯ᠎ᠡ ᠵᠦᠢᠯ᠎ᠦᠨ ᠱᠢᠢᠳᠪᠦᠷᠢ ᠲᠣᠭ᠍ᠲᠠᠭᠠᠯ᠎ᠤᠨ ᠲᠥᠰᠦᠯ᠎ᠢ ᠬᠢᠨᠠᠨ ᠵᠥᠪᠯᠡᠪᠡ᠃

ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠢ ᠵᠦᠩ᠂ ᠳᠡᠳ᠋ ᠪᠦᠯᠬᠦᠮ᠎ᠦᠨ ᠳᠠᠷᠤᠭ᠎ᠠ ᠪᠦᠦ ᠭᠠᠩ ᠬᠢᠨᠠᠨ ᠵᠥᠪᠯᠡᠬᠦ᠌᠎ᠳᠦ ᠣᠷᠣᠯᠴᠠᠵᠤ᠂ ᠯᠢᠦ ᠱᠤᠸᠠᠩ᠂ ᠵᠠᠩ ᠱᠤᠤ ᠴᠦᠨ᠂ ᠵᠧᠩ ᠬᠣᠩ ᠹᠠᠨ᠂ ᠢᠦᠢ ᠯᠢ ᠱᠢᠨ ᠲᠤᠰ ᠲᠤᠰ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃

ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ᠎ᠶ᠋ᠢᠨ ᠲᠥᠰᠦᠯ᠂ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2026 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠱᠢᠢᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠶ ᠱᠢᠶ᠋ᠳᠪᠦᠷᠢ᠎ᠶ᠋ᠢᠨ ᠲᠥᠰᠦᠯ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠵᠢᠨ ᠲᠤᠬᠠᠢ ᠱᠢᠢᠳᠪᠦᠷᠢ᠎ᠶ᠋ᠢᠨ ᠲᠥᠰᠦᠯ᠂ ᠬᠠᠤᠯᠢ ᠴᠠᠭᠠᠵᠠ᠎ᠶ᠋ᠢ ᠡᠮᠬᠢᠯᠡᠨ ᠲᠢᠭᠯᠡᠭᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠤᠬᠳᠠᠭᠠᠯ᠎ᠢ ᠱᠢᠢᠳᠪᠦᠷᠢᠯᠡᠬᠦ᠌ ᠰᠠᠨᠠᠯ ᠤ᠋ᠨ ᠲᠤᠬᠠᠢ ᠮᠡᠳᠡᠭᠦᠯᠦᠯᠲᠡ ᠵᠢ ᠵᠦᠪᠰᠢᠶᠡᠷᠡᠬᠦ ᠲᠤᠬᠠᠢ ᠲᠣᠭ᠍ᠲᠠᠭᠠᠯ᠎ᠤᠨ ᠲᠥᠰᠦᠯ ᠢ᠋ ᠬᠢᠨᠠᠨ ᠵᠦᠪᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号