ᠡᠬᠡ ᠤᠯᠤᠰ ᠤ᠋ᠨ ᠤᠮᠠᠷᠠᠳᠤ ᠬᠢᠯᠢ ᠶ᠋ᠢᠨ ᠦᠷᠭᠡᠨ ᠠᠭᠤᠳᠠᠮ ᠨᠤᠳᠤᠭ ᠲᠡᠪᠢᠰᠭᠡᠷ ᠲᠤ᠌ ᠪᠠᠢᠷᠢᠰᠢᠬᠤ ᠦᠪᠦᠷ ᠮᠤᠩᠭᠤᠯ ᠪᠤᠯ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠮᠦᠨ᠃ ᠡᠨᠳᠡ ᠠᠮᠢ ᠠᠮᠢᠵᠢᠷᠠᠯ ᠶ᠋ᠢᠡᠷ ᠪᠢᠯᠬᠠᠭᠰᠠᠨ 20 ᠭᠠᠷᠤᠢ ᠬᠢᠯᠢ ᠶ᠋ᠢᠨ ᠪᠤᠭᠤᠮᠳᠠ᠂ 3 ᠶᠡᠷᠦᠩᠬᠡᠢᠯᠡᠭᠰᠡᠨ ᠭᠠᠢᠯᠢ ᠶ᠋ᠢ ᠪᠠᠳᠤᠯᠠᠬᠤ ᠤᠷᠤᠨ᠂ 6 ᠬᠢᠯᠢ ᠠᠯᠤᠰᠯᠠᠭᠰᠠᠨ ᠡᠯᠧᠺᠲ᠋ᠷᠤᠨ ᠬᠤᠳᠠᠯᠳᠤᠭᠠᠨ ᠤ᠋ ᠶᠡᠷᠦᠩᠬᠡᠢᠯᠡᠭᠰᠡᠨ ᠲᠤᠷᠰᠢᠯᠳᠠ ᠶ᠋ᠢᠨ ᠲᠤᠭᠤᠷᠢᠭ ᠪᠤᠢ᠃ ᠡᠨᠳᠡ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ᠋ ᠭᠤᠷᠪᠠᠯᠵᠢᠨ ᠬᠤᠢᠭ᠂ ᠭᠤᠸᠠᠩᠳ᠋ᠦ᠋ᠩ ᠰᠢᠶᠠᠩᠭᠠᠩ ᠤᠤᠮᠧᠨ ᠤ᠋ ᠶᠡᠬᠡ ᠪᠤᠯᠤᠩ ᠤ᠋ᠨ ᠤᠷᠤᠨ᠂ ᠵᠡᠭᠦᠨ ᠬᠤᠢᠳᠤ ᠶ᠋ᠢᠨ ᠭᠤᠷᠪᠠᠨ ᠮᠤᠵᠢ ᠵᠡᠷᠭᠡ ᠮᠤᠵᠢ ᠤᠷᠤᠨ ᠬᠤᠳᠠ ᠯᠤᠭ᠎ᠠ ᠶ᠋ᠢᠨ ᠬᠠᠮᠳᠤᠷᠠᠯᠴᠠᠭ᠎ᠠ ᠬᠦᠷ ᠬᠦᠭᠵᠢᠶᠡᠨ ᠲᠠᠢ ᠶᠠᠪᠤᠭᠳᠠᠵᠤ᠂ ᠪᠠᠶᠠᠯᠢᠭ ᠦᠷ᠎ᠠ ᠪᠦᠲᠦᠭᠡᠯ ᠤᠯᠵᠤ ᠪᠠᠢᠨ᠎ᠠ᠃
ᠡᠨᠡ ᠵᠢᠯ ᠤ᠋ᠨ ᠪᠦᠬᠦ ᠤᠯᠤᠰ ᠤ᠋ᠨ ᠬᠤᠶᠠᠷ ᠬᠤᠷᠠᠯ ᠤ᠋ᠨ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠤ᠂ ᠦᠨᠳᠦᠷ ᠲᠦᠪᠰᠢᠨ ᠪᠦᠬᠦᠢ ᠭᠠᠳᠠᠭᠠᠳᠦ ᠨᠡᠭᠡᠭᠡᠯᠳᠡ ᠶ᠋ᠢ ᠤᠯᠠᠮ ᠨᠢᠭᠡ ᠠᠯᠬᠤᠮ ᠦᠷᠭᠡᠳᠭᠡᠵᠦ᠂ ᠬᠠᠮᠳᠤᠷᠠᠨ ᠠᠵᠢᠯᠯᠠᠵᠤ ᠬᠠᠮᠳᠤ ᠪᠡᠷ ᠠᠰᠢᠭ ᠬᠦᠷᠳᠡᠬᠦ ᠶ᠋ᠢ ᠪᠠᠷᠢᠮᠳᠠᠯᠠᠨ᠂ ᠳᠦᠷᠢᠮ ᠤ᠋ᠨ ᠬᠡᠯᠪᠡᠷᠢ ᠶ᠋ᠢᠨ ᠨᠡᠭᠡᠭᠡᠯᠳᠡ ᠶ᠋ᠢ ᠯᠠᠪᠳᠠᠭᠤᠨ ᠶ᠋ᠢᠡᠷ ᠦᠷᠭᠡᠳᠭᠡᠵᠤ᠂ ᠤᠯᠠᠨ ᠤᠯᠤᠰ ᠤ᠋ᠨ ᠤᠷᠴᠢᠯ ᠢ᠋ ᠦᠷᠭᠡᠵᠢᠭᠦᠯᠦᠨ᠂ ᠨᠡᠭᠡᠭᠡᠯᠳᠡ ᠪᠡᠷ ᠦᠭᠡᠷᠡᠴᠢᠯᠡᠯᠳᠡ ᠶ᠋ᠢ ᠠᠬᠢᠭᠤᠯᠤᠨ ᠬᠦᠭᠵᠢᠯᠳᠡ ᠶ᠋ᠢ ᠠᠬᠢᠭᠤᠯᠤᠨ᠎ᠠ ᠭᠡᠵᠦ ᠳᠤᠷᠠᠳᠪᠠ᠃
ᠨᠡᠭᠡᠭᠡᠯᠳᠡ ᠶ᠋ᠢ ᠵᠤᠭᠰᠤᠯᠳᠠ ᠦᠭᠡᠢ ᠦᠷᠭᠡᠳᠭᠡᠨ᠂ ᠡᠭᠦᠳᠡ ᠪᠡᠨ ᠨᠡᠭᠡᠭᠡᠨ ᠬᠦᠭᠵᠢᠯᠳᠡ ᠶ᠋ᠢ ᠤᠭᠳᠤᠨ᠎ᠠ — ᠦᠪᠦᠷ ᠮᠤᠩᠭᠤᠯ ᠳᠡᠯᠡᠬᠡᠢ ᠳ᠋ᠤ ᠬᠠᠨᠳᠤᠭᠰᠠᠨ ᠠᠭᠤᠳᠠᠮ ᠬᠠᠷᠠᠭ᠎ᠠ ᠪᠡᠷ 《ᠨᠢᠭᠡ ᠪᠦᠰᠡ ᠨᠢᠭᠡ ᠵᠠᠮ》 ᠢ᠋ ᠬᠠᠮᠳᠤ ᠪᠡᠷ ᠪᠦᠲᠦᠭᠡᠨ ᠪᠠᠢᠭᠤᠯᠬᠤ ᠪᠠ ᠳᠤᠮᠳᠠᠳᠤ ᠮᠤᠩᠭᠤᠯ ᠤᠷᠤᠰ ᠤ᠋ᠨ ᠠᠵᠤ ᠠᠬᠤᠢ ᠶ᠋ᠢᠨ ᠬᠤᠩᠬᠢᠯ ᠤ᠋ᠨ ᠪᠦᠲᠦᠭᠡᠨ ᠪᠠᠢᠭᠤᠯᠤᠯᠳᠠ ᠳ᠋ᠤ ᠤᠷᠤᠯᠴᠠᠵᠤ᠂ ᠭᠠᠳᠠᠭᠰᠢ ᠪᠡᠨ ᠨᠡᠭᠡᠭᠡᠯᠳᠡ ᠬᠢᠬᠦ ᠲᠦᠪᠰᠢᠨ ᠶ᠋ᠢᠡᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠶ᠋ᠢ ᠴᠤᠭᠴᠠᠯᠠᠵᠤ᠂ ᠤᠯᠤᠰ ᠤ᠋ᠨ ᠲᠤᠳᠤᠭᠠᠳᠤ ᠭᠠᠳᠠᠭᠠᠳᠦ ᠶ᠋ᠢᠨ ᠬᠤᠤᠰ ᠤᠷᠴᠢᠯ ᠢ᠋ ᠬᠤᠯᠪᠤᠨ ᠨᠡᠪᠳᠡᠷᠡᠭᠦᠯᠬᠦ ᠳ᠋ᠤ ᠨᠡᠩ ᠶᠡᠬᠡ ᠦᠢᠯᠡᠳᠦᠯ ᠪᠠᠳᠠᠷᠠᠭᠤᠯᠬᠤ ᠪᠡᠷ ᠬᠦᠴᠦᠯᠡᠨ ᠴᠢᠷᠮᠠᠢᠨ᠎ᠠ᠃
ᠪᠠᠢᠯᠳᠤᠬᠤ ᠪᠤᠳᠤᠯᠭ᠎ᠠ ᠶ᠋ᠢᠨ ᠪᠠᠢᠷᠢ ᠳᠤᠭᠳᠠᠭᠠᠯᠳᠠ ᠪᠡᠷ ᠬᠦᠲᠦᠯᠦᠨ ᠵᠢᠯᠤᠭᠤᠳᠴᠤ ᠴᠢᠬᠤᠯᠠ ᠪᠡᠬᠢᠯᠡᠯᠳᠡ ᠶ᠋ᠢᠨ ᠦᠢᠯᠡᠳᠦᠯ ᠴᠢᠳᠠᠪᠤᠷᠢ ᠶ᠋ᠢ ᠰᠢᠨ᠎ᠠ ᠳᠠᠪᠠᠯᠳᠠ ᠲᠠᠢ ᠪᠤᠯᠭᠠᠨ᠎ᠠ
3 ᠰᠠᠷ᠎ᠠ ᠶ᠋ᠢᠨ 8 ᠤ᠋ ᠡᠳᠦᠷ᠂ 6 ᠵᠢᠯ ᠠᠶᠠᠯᠠᠯ ᠵᠤᠭᠰᠤᠭᠰᠠᠨ ᠮᠠᠨᠵᠤᠤᠷ ᠡᠴᠡ ᠤᠷᠤᠰ ᠤ᠋ᠨ ᠠᠷᠤ ᠪᠠᠢᠭᠠᠯ ᠤ᠋ᠨ ᠬᠢᠯᠢ ᠬᠢᠵᠠᠭᠠᠷ ᠤᠷᠤᠨ ᠳ᠋ᠤ ᠬᠦᠷᠬᠦ 353/354 ᠡᠭᠡᠯᠵᠢ ᠶ᠋ᠢᠨ ᠤᠯᠠᠨ ᠤᠯᠤᠰ ᠤ᠋ᠨ ᠠᠶᠠᠨᠴᠢᠨ ᠤ᠋ ᠭᠠᠯᠳᠦ ᠲᠡᠷᠭᠡ ᠠᠶᠠᠯᠠᠯ ᠶ᠋ᠢᠡᠨ ᠰᠡᠷᠭᠦᠭᠡᠪᠡ᠃ ᠡᠨᠡ ᠨᠢ ᠬᠤᠶᠠᠷ ᠤᠯᠤᠰ ᠤ᠋ᠨ ᠠᠵᠤ ᠠᠬᠤᠢ ᠠᠷᠠᠯᠵᠢᠶᠠᠨ ᠤ᠋ ᠶᠠᠪᠤᠯᠴᠠᠭ᠎ᠠ᠂ ᠵᠢᠭᠤᠯᠴᠢᠯᠠᠯ ᠤ᠋ᠨ ᠦᠢᠯᠡᠰ ᠤ᠋ᠨ ᠬᠦᠭᠵᠢᠯᠳᠡ ᠪᠠ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠳᠠᠢ ᠪᠡᠷ ᠬᠠᠮᠳᠤ ᠪᠡᠷ ᠪᠦᠲᠦᠭᠡᠨ ᠪᠠᠢᠭᠤᠯᠬᠤ ᠳ᠋ᠤ ᠴᠢᠬᠤᠯᠠ ᠠᠴᠢ ᠬᠤᠯᠪᠤᠭᠳᠠᠯ ᠲᠠᠢ ᠶᠤᠮ᠃
ᠤᠢᠷ᠎ᠠ ᠶ᠋ᠢᠨ ᠵᠢᠯ ᠳ᠋ᠤ᠂ ᠦᠪᠦᠷ ᠮᠤᠩᠭᠤᠯ ᠢᠯᠡᠳᠳᠡ ᠤᠷᠤᠨ ᠪᠠᠢᠷᠢ ᠶ᠋ᠢᠨ ᠳᠠᠪᠠᠭᠤᠯᠢᠭ ᠪᠠ ᠬᠢᠯᠢ ᠶ᠋ᠢᠨ ᠪᠤᠭᠤᠮᠳᠠ ᠶ᠋ᠢᠨ ᠳᠠᠪᠠᠭᠤᠯᠢᠭ ᠲᠠᠭᠠᠨ ᠲᠦᠰᠢᠭᠯᠡᠨ᠂ ᠤᠯᠤᠰ ᠤ᠋ᠨ ᠲᠤᠳᠤᠭᠠᠳᠤ ᠭᠠᠳᠠᠭᠠᠳᠤ ᠶ᠋ᠢᠨ ᠬᠤᠤᠰ ᠤᠷᠴᠢᠯ ᠳ᠋ᠤ ᠭᠦᠨᠵᠡᠭᠡᠢ ᠠᠭᠤᠰᠤᠯᠴᠠᠵᠤ᠂ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠶ᠋ᠢᠨ ᠪᠦᠲᠦᠭᠡᠨ ᠪᠠᠢᠭᠤᠯᠤᠯᠳᠠ ᠰᠢᠨ᠎ᠠ ᠳᠡᠭᠳᠡᠷ ᠲᠤ᠌ ᠭᠠᠷᠬᠤ ᠵᠢ ᠠᠬᠢᠭᠤᠯᠵᠠᠢ᠃
《ᠠᠷᠪᠠᠨ ᠳᠦᠷᠪᠡᠳᠦᠭᠡᠷ ᠳᠠᠪᠤᠨ ᠵᠢᠯ》 ᠤ᠋ᠨ ᠬᠤᠭᠤᠴᠠᠭᠠᠨ ᠳ᠋ᠤ᠂ ᠦᠪᠦᠷ ᠮᠤᠩᠭᠤᠯ ᠤ᠋ᠨ ᠭᠠᠳᠠᠭᠠᠳᠦ ᠤᠷᠤᠭᠤᠯᠤᠯᠳᠠ ᠭᠠᠷᠭᠠᠯᠳᠠ ᠶ᠋ᠢᠨ ᠶᠡᠷᠦᠩᠬᠡᠢ ᠦᠷᠳᠡᠭ 2021 ᠤᠨ ᠤ᠋ 1230.8 ᠳ᠋ᠦᠩᠰᠢᠭᠤᠷ ᠲᠦᠭᠦᠷᠢᠭ ᠡᠴᠡ 2025 ᠤᠨ ᠤ᠋ 2206.7 ᠳ᠋ᠦᠩᠰᠢᠭᠤᠷ ᠲᠦᠭᠦᠷᠢᠭ ᠪᠤᠯᠤᠨ ᠨᠡᠮᠡᠭᠳᠡᠪᠡ; ᠠᠷᠠᠯᠵᠢᠶᠠᠨ ᠤ᠋ ᠬᠠᠨᠢᠳᠠᠨ 2021 ᠤᠨ ᠤ᠋ 186 ᠪᠠᠢᠭᠰᠠᠨ ᠡᠴᠡ 2025 ᠤᠨ ᠤ᠋ 201 ᠪᠤᠯᠤᠨ ᠨᠡᠮᠡᠭᠳᠡᠵᠠᠢ; ᠶᠡᠷᠦᠩᠬᠡᠢᠯᠡᠭᠰᠡᠨ ᠭᠠᠢᠯᠢ ᠶ᠋ᠢ ᠪᠠᠳᠤᠯᠠᠬᠤ ᠤᠷᠤᠨ ᠤ᠋ ᠭᠠᠳᠠᠭᠠᠳᠦ ᠤᠷᠤᠭᠤᠯᠤᠯᠳᠠ ᠭᠠᠷᠭᠠᠯᠳᠠ ᠶ᠋ᠢᠨ ᠶᠡᠷᠦᠩᠬᠡᠢ ᠦᠷᠳᠡᠭ ᠨᠢ 2021 ᠤᠨ ᠤ᠋ 66.6 ᠳ᠋ᠦᠩᠰᠢᠭᠤᠷ ᠲᠦᠭᠦᠷᠢᠭ ᠡᠴᠡ 2025 ᠤᠨ ᠤ᠋ 276.1 ᠳ᠋ᠦᠩᠰᠢᠭᠤᠷ ᠲᠦᠭᠦᠷᠢᠭ ᠪᠤᠯᠤᠨ ᠨᠡᠮᠡᠭᠳᠡᠪᠠ᠋; ᠡᠬᠡ ᠬᠠᠭᠤᠷᠠᠢ ᠶ᠋ᠢᠨ ᠬᠢᠯᠢ ᠶ᠋ᠢᠨ ᠪᠤᠭᠤᠮᠳᠠ ᠶ᠋ᠢᠨ ᠪᠠᠷᠠᠭᠠᠨ ᠤ᠋ ᠲᠡᠭᠡᠭᠡᠪᠤᠷᠢ ᠶ᠋ᠢᠨ ᠬᠡᠮᠵᠢᠶ᠎ᠠ ᠨᠢ 2020 ᠤᠨ ᠤ᠋ 6633.4 ᠲᠦᠮᠡᠨ ᠲᠤᠨ ᠡᠴᠡ 2025 ᠤᠨ ᠤ᠋ 1.32 ᠳ᠋ᠦᠩᠰᠢᠭᠤᠷ ᠲᠤᠨ ᠪᠤᠯᠳᠠᠯ᠎ᠠ ᠨᠡᠮᠡᠭᠳᠡᠭᠰᠡᠨ ᠪᠠᠢᠨ᠎ᠠ᠃
《ᠠᠷᠪᠠᠨ ᠳᠦᠷᠪᠡᠳᠦᠭᠡᠷ ᠳᠠᠪᠤᠨ ᠵᠢᠯ》 ᠤ᠋ᠨ ᠬᠤᠭᠤᠴᠠᠭᠠᠨ ᠳ᠋ᠤ᠂ ᠦᠪᠦᠷ ᠮᠤᠩᠭᠤᠯ 24 ᠲᠦᠮᠡᠨ ᠺᠢᠯᠤᠮᠧᠲᠷ ᠤ᠋ᠨ ᠶᠡᠷᠦᠩᠬᠡᠢᠯᠡᠭᠰᠡᠨ ᠵᠠᠮ ᠬᠠᠷᠢᠯᠴᠠᠭᠠᠨ ᠤ᠋ ᠲᠤᠤᠷ ᠢ᠋ ᠪᠦᠲᠦᠭᠡᠨ ᠪᠠᠢᠭᠤᠯᠵᠤ᠂ ᠤᠯᠤᠰ ᠤ᠋ᠨ ᠲᠤᠳᠤᠭᠠᠳᠤ ᠭᠠᠳᠠᠭᠠᠳᠦ ᠶ᠋ᠢᠨ ᠬᠤᠤᠰ ᠤᠷᠴᠢᠯ ᠢ᠋ ᠬᠤᠯᠪᠤᠨ ᠨᠡᠪᠳᠡᠷᠡᠭᠦᠯᠬᠦ ᠳ᠋ᠤ ᠦᠷᠭᠡᠨ ᠳᠠᠷᠳᠠᠩ ᠵᠠᠮ ᠢ᠋ ᠳᠡᠪᠢᠰᠴᠠᠢ᠃
《ᠠᠷᠪᠠᠨ ᠳᠦᠷᠪᠡᠳᠦᠭᠡᠷ ᠳᠠᠪᠤᠨ ᠵᠢᠯ》 ᠤ᠋ᠨ ᠬᠤᠭᠤᠴᠠᠭᠠᠨ ᠳ᠋ᠤ᠂ ᠮᠠᠨ ᠤ᠋ ᠤᠷᠤᠨ 《ᠦᠪᠦᠷ ᠮᠤᠩᠭᠤᠯ — ᠱᠠᠨᠰᠢ ᠨᠡᠷᠡᠮᠵᠢᠳᠦ》 ᠵᠢᠱᠢᠶᠡᠨ ᠤ᠋ ᠭᠠᠯᠳᠦ ᠲᠡᠷᠭᠡ᠂ 《ᠪᠤᠭᠤᠳᠤ — ᠲᠢᠶᠧ ᠱᠠᠨ ᠭᠠᠷᠠᠮ》 ᠲᠡᠮᠦᠷ ᠵᠠᠮ ᠳᠠᠯᠠᠢ ᠲᠠᠩᠬᠢᠰ ᠤ᠋ᠨ ᠬᠠᠮᠳᠤᠷᠠᠭᠰᠠᠨ ᠲᠡᠭᠡᠭᠡᠪᠤᠷᠢ ᠶ᠋ᠢᠨ ᠵᠢᠰᠢᠶᠡᠨ ᠤ᠋ ᠭᠠᠯᠳᠦ ᠲᠡᠷᠭᠡ ᠵᠡᠷᠭᠡ ᠶ᠋ᠢ ᠨᠡᠪᠳᠡᠷᠡᠭᠦᠯᠵᠦ ᠂ ᠪᠠᠷᠠᠭᠤᠨ ᠤᠷᠤᠨ ᠤ᠋ ᠡᠬᠡ ᠬᠠᠭᠤᠷᠠᠢ ᠪᠠ ᠳᠠᠯᠠᠢ ᠲᠠᠩᠬᠢᠰ ᠤ᠋ᠨ ᠰᠢᠨ᠎ᠠ ᠠᠶᠠᠯᠠᠯ ᠤ᠋ᠨ ᠱᠤᠭᠤᠮ ᠶ᠋ᠢᠡᠷ ᠳᠠᠮᠵᠢᠨ ᠪᠦᠬᠦ ᠪᠦᠮᠪᠦᠷᠴᠡᠭ ᠤ᠋ᠨ ᠠᠷᠠᠯᠵᠢᠶᠠᠨ ᠤ᠋ ᠲᠤᠤᠷ ᠲᠤ᠌ ᠢᠳᠡᠪᠬᠢᠳᠠᠢ ᠠᠭᠤᠰᠤᠯᠴᠠᠪᠠ᠃
ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠶ᠋ᠢ ᠴᠤᠭᠴᠠᠯᠠᠬᠤ ᠪᠤᠯ ᠶᠡᠷᠦᠩᠬᠡᠢ ᠱᠦᠵᠢ ᠰᠢ ᠵᠢᠨ ᠫᠢᠩ ᠪᠤᠯᠤᠨ ᠨᠠᠮ ᠤ᠋ᠨ ᠲᠦᠪ ᠬᠤᠷᠢᠶ᠎ᠠ ᠶ᠋ᠢᠨ ᠦᠪᠦᠷ ᠮᠤᠩᠭᠤᠯ ᠳ᠋ᠤ ᠦᠭᠭᠦᠭᠰᠡᠨ ᠳᠠᠪᠤᠨ ᠶᠡᠬᠡ ᠪᠠᠢᠯᠳᠤᠬᠤ ᠪᠤᠳᠤᠯᠭ᠎ᠠ ᠶ᠋ᠢᠨ ᠪᠠᠢᠷᠢ ᠳᠤᠭᠳᠠᠭᠠᠯᠳᠠ ᠪᠠ ᠡᠭᠦᠷᠭᠡ ᠬᠠᠷᠢᠭᠤᠴᠠᠯᠭ᠎ᠠ ᠶ᠋ᠢᠨ ᠨᠢᠭᠡ ᠶᠤᠮ᠃ ᠦᠪᠦᠷ ᠮᠤᠩᠭᠤᠯ ᠬᠦᠰᠡᠯ ᠨᠠᠢᠳᠠᠯᠭ᠎ᠠ ᠶ᠋ᠢ ᠪᠠᠳᠤ ᠴᠡᠭᠡᠵᠢᠯᠡᠨ᠂ ᠲᠤᠳᠤᠭᠰᠢ ᠪᠡᠨ ᠬᠠᠮᠵᠢᠯᠴᠠᠭ᠎ᠠ ᠪᠡᠨ ᠭᠦᠨᠵᠡᠭᠡᠢᠷᠡᠭᠦᠯᠬᠦ ᠬᠢᠭᠡᠳ ᠭᠠᠳᠠᠭᠰᠢ ᠪᠡᠨ ᠨᠡᠭᠡᠭᠡᠯᠳᠡ ᠪᠡᠨ ᠦᠷᠭᠡᠳᠭᠡᠬᠦ ᠪᠡᠷ 《ᠬᠤᠤᠰ ᠬᠦᠳᠡᠯᠭᠡᠭᠦᠷ》 ᠪᠤᠯᠭᠠᠨ᠂ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠡ ᠪᠡᠬᠢᠯᠡᠯᠳᠡ ᠶ᠋ᠢᠨ ᠦᠢᠯᠡᠳᠦᠯ ᠴᠢᠳᠠᠪᠤᠷᠢ ᠶ᠋ᠢ ᠰᠢᠨ᠎ᠠ ᠳᠠᠪᠠᠯᠳᠠ ᠲᠠᠢ ᠪᠤᠯᠭᠠᠬᠤ ᠪᠡᠷ ᠡᠷᠡᠮᠡᠬᠡᠢᠯᠡᠨ ᠤᠷᠤᠭᠰᠢᠯᠠᠵᠤ ᠪᠠᠢᠨ᠎ᠠ᠃
ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠵᠤ ᠵᠠᠮ ᠲᠡᠭᠡᠭᠡᠪᠤᠷᠢ ᠶ᠋ᠢᠨ ᠬᠦᠢᠰᠦ ᠱᠤᠭᠤᠮ ᠢ᠋ ᠳᠠᠬᠢᠨᠳᠠ ᠳᠡᠰ ᠳᠡᠪᠰᠢᠭᠦᠯᠦᠨ᠎ᠠ
2 ᠰᠠᠷ᠎ᠠ ᠶ᠋ᠢᠨ 27 ᠤ᠋ ᠡᠳᠦᠷ᠂ ᠮᠠᠨᠳᠤᠯ ᠬᠢᠯᠢ ᠶ᠋ᠢᠨ ᠪᠤᠭᠤᠮᠳᠠ ᠶ᠋ᠢᠨ AGV ᠵᠢᠯᠤᠭᠤᠴᠢ ᠦᠭᠡᠢ ᠬᠢᠯᠢ ᠠᠯᠤᠰᠯᠠᠭᠰᠠᠨ ᠲᠡᠭᠡᠭᠡᠪᠤᠷᠢ ᠶ᠋ᠢᠨ ᠲᠦᠷᠦᠯ ᠵᠦᠢᠯ ᠵᠢᠩᠬᠢᠨᠢ ᠪᠡᠷ ᠠᠰᠢᠭᠯᠠᠯᠳᠠ ᠳ᠋ᠤ ᠤᠷᠤᠵᠤ᠂ ᠳᠤᠮᠳᠠᠳᠤ ᠮᠤᠩᠭᠤᠯ ᠤ᠋ᠨ ᠬᠢᠯᠢ ᠶ᠋ᠢᠨ ᠪᠤᠭᠤᠮᠳᠠ ᠳ᠋ᠤ ᠪᠠᠰᠠ ᠨᠢᠭᠡᠨ ᠤᠶᠤᠨᠴᠢᠯᠠᠭᠰᠠᠨ ᠪᠠᠷᠠᠭᠠᠨ ᠤ᠋ ᠭᠦᠢᠯᠭᠡᠭᠡ ᠶ᠋ᠢᠨ ᠰᠢᠨ᠎ᠠ ᠵᠠᠮ ᠢ᠋ ᠨᠡᠪᠳᠡᠷᠡᠭᠦᠯᠵᠠᠢ᠃ ᠡᠨᠡ ᠵᠢᠯ ᠲᠤᠰ ᠬᠢᠯᠢ ᠶ᠋ᠢᠨ ᠪᠤᠭᠤᠮᠳᠠ ᠪᠡᠷ ᠨᠢᠭᠡᠨᠳᠡ 200 ᠲᠦᠮᠡᠨ ᠲᠤᠨ ᠤ᠋ ᠪᠠᠷᠠᠭ᠎ᠠ ᠦᠩᠭᠡᠷᠡᠭᠰᠡᠨ ᠪᠠᠢᠨ᠎ᠠ᠃
ᠡᠨᠡ ᠪᠤᠯ ᠦᠪᠦᠷ ᠮᠤᠩᠭᠤᠯ ᠤ᠋ᠨ ᠬᠢᠯᠢ ᠶ᠋ᠢᠨ ᠪᠤᠭᠤᠮᠳᠠ ᠶ᠋ᠢᠨ ᠰᠠᠭᠤᠷᠢ ᠲᠦᠬᠦᠭᠡᠷᠦᠮᠵᠢ ᠳᠡᠰ ᠳᠡᠪᠰᠢᠭᠰᠡᠨ ᠪᠠ ᠪᠤᠭᠤᠮᠳᠠ ᠨᠡᠪᠳᠡᠷᠡᠯᠭᠡ ᠶ᠋ᠢ ᠳᠦᠭᠦᠮ ᠳᠦᠳᠡᠴᠢᠯᠡᠬᠦ ᠦᠭᠡᠷᠡᠴᠢᠯᠡᠯᠳᠡ ᠲᠠᠰᠤᠷᠠᠯᠳᠠ ᠦᠭᠡᠢ ᠭᠦᠨᠵᠡᠭᠡᠢᠷᠡᠭᠰᠡᠨ ᠤ᠋ ᠠᠮᠢᠳᠤᠯᠢᠭ ᠵᠢᠱ᠌ᠢᠶᠠ ᠪᠤᠯᠤᠨ᠎ᠠ᠃
ᠤᠢᠷ᠎ᠠ ᠶ᠋ᠢᠨ ᠵᠢᠯ ᠳ᠋ᠤ᠂ ᠦᠪᠦᠷ ᠮᠤᠩᠭᠤᠯ ᠬᠢᠯᠢ ᠶ᠋ᠢᠨ ᠪᠤᠭᠤᠮᠳᠠ ᠶ᠋ᠢᠨ ᠰᠠᠭᠤᠷᠢ ᠲᠦᠬᠦᠭᠡᠷᠦᠮᠵᠢ ᠳ᠋ᠡᠬᠢ ᠪᠡᠯᠡ ᠤᠷᠤᠭᠤᠯᠤᠯᠳᠠ ᠪᠡᠨ ᠲᠠᠰᠤᠷᠠᠯᠳᠠ ᠦᠭᠡᠢ ᠨᠡᠮᠡᠭᠳᠡᠭᠦᠯᠦᠨ᠂ ᠤᠳᠤᠬᠠᠨ ᠳ᠋ᠤ 12 ᠵᠠᠰᠠᠮᠠᠯ ᠵᠠᠮ ᠤ᠋ᠨ ᠬᠢᠯᠢ ᠶ᠋ᠢᠨ ᠪᠤᠭᠤᠮᠳᠠ ᠳ᠋ᠠᠭᠠᠨ ᠨᠡᠢᠳᠡ 《53 ᠤᠷᠤᠴᠠ 36 ᠭᠠᠷᠴᠠ》 ᠲᠠᠢ ᠪᠠᠷᠠᠭᠠᠨ ᠤ᠋ ᠲᠡᠭᠡᠭᠡᠪᠤᠷᠢ ᠶ᠋ᠢᠨ ᠵᠠᠮ ᠱᠤᠭᠤᠮ ᠢ᠋ ᠨᠡᠪᠳᠡᠷᠡᠭᠦᠯᠪᠡ᠃ ᠤᠳᠤᠬᠢᠴᠢᠯᠠᠭᠰᠠᠨ ᠪᠠᠷᠠᠭ᠎ᠠ ᠲᠡᠭᠡᠭᠡᠪᠤᠷᠢᠯᠡᠬᠦ ᠬᠦᠮᠦᠷᠭᠡ᠂ ᠠᠭᠤᠵᠢᠮ ᠳᠠᠷᠳᠠᠩ ᠪᠠᠷᠠᠭᠠᠨ ᠤ᠋ ᠲᠡᠭᠡᠭᠡᠪᠤᠷᠢ ᠶ᠋ᠢᠨ ᠵᠠᠮ᠂ ᠲᠡᠷᠢᠭᠦᠨ ᠤ᠋ ᠲᠡᠭᠦᠵᠢᠯᠡᠨ ᠲᠡᠭᠡᠭᠡᠪᠤᠷᠢᠯᠡᠬᠦ ᠲᠦᠬᠦᠭᠡᠷᠦᠮᠵᠢ ᠵᠡᠷᠭᠡ ᠨᠢ ᠬᠢᠯᠢ ᠶ᠋ᠢᠨ ᠪᠤᠭᠤᠮᠳᠠ ᠶ᠋ᠢᠨ ᠡᠳ᠋ ᠪᠠᠷᠠᠭ᠎ᠠ ᠶ᠋ᠢ ᠤᠷᠤᠭᠤᠯᠵᠤ ᠭᠠᠷᠭᠠᠬᠤ ᠴᠢᠳᠠᠪᠤᠷᠢ ᠶ᠋ᠢ ᠴᠢᠨᠠᠷ ᠤ᠋ᠨ ᠳᠡᠰ ᠳᠡᠪᠰᠢᠯᠳᠡ ᠲᠠᠢ ᠪᠤᠯᠭᠠᠵᠠᠢ᠃
ᠤᠶᠤᠨᠴᠢ ᠬᠢᠯᠢ ᠶ᠋ᠢᠨ ᠪᠤᠭᠤᠮᠳᠠ ᠶ᠋ᠢᠨ ᠪᠦᠲᠦᠭᠡᠨ ᠪᠠᠢᠭᠤᠯᠤᠯᠳᠠ ᠪᠤᠯ ᠦᠪᠦᠷ ᠮᠤᠩᠭᠤᠯ ᠤ᠋ᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠶ᠋ᠢᠡᠨ ᠰᠢᠯᠢᠳᠡᠭᠵᠢᠭᠦᠯᠦᠭᠰᠡᠨ 《ᠠᠯᠳᠠᠨ ᠦᠰᠦᠭᠳᠤ ᠫᠠᠢᠵᠠ》 ᠶᠤᠮ᠃ ᠦᠪᠦᠷ ᠮᠤᠩᠭᠤᠯ ᠪᠦᠬᠦ ᠤᠯᠤᠰ ᠲᠤ᠌ ᠡᠩ ᠲᠡᠷᠢᠭᠦᠨ ᠳ᠋ᠤ ᠵᠢᠯᠤᠭᠤᠴᠢ ᠦᠭᠡᠢ ᠤᠶᠤᠨᠳᠤ ᠬᠢᠯᠢ ᠠᠯᠤᠰᠯᠠᠭᠰᠠᠨ ᠲᠡᠭᠡᠭᠡᠪᠤᠷᠢ ᠶ᠋ᠢᠨ ᠵᠠᠭᠪᠤᠷ᠂ ᠬᠦᠮᠦᠨ ᠮᠠᠰᠢᠨ ᠢ᠋ ᠤᠶᠤᠨᠴᠢ ᠪᠡᠷ ᠬᠢᠨᠠᠨ ᠬᠠᠷᠭᠤᠭᠤᠯᠵᠤ ᠪᠠᠢᠴᠠᠭᠠᠬᠤ ᠰᠢᠰᠲ᠋ᠧᠮ᠂ ᠲᠤᠭᠠᠴᠢᠯᠠᠭᠰᠠᠨ ᠤᠶᠤᠨᠴᠢᠯᠠᠭᠰᠠᠨ ᠨᠢᠭᠡ ᠦᠷᠳᠡᠭᠡᠴᠢᠯᠡᠭᠰᠡᠨ ᠳᠦᠷᠭᠡᠨ ᠨᠡᠪᠳᠡᠷᠡᠬᠦ ᠵᠠᠮ ᠢ᠋ ᠬᠡᠷᠡᠭᠵᠢᠭᠦᠯᠵᠠᠢ᠃ ᠡᠭᠦᠨ ᠳ᠋ᠤ᠂ ᠮᠠᠨᠵᠤᠤᠷ ᠪᠠ ᠭᠠᠭᠴᠠᠮᠤᠳᠤ ᠶ᠋ᠢᠨ ᠤᠶᠤᠨᠴᠢᠯᠠᠭᠰᠠᠨ ᠬᠢᠯᠢ ᠶ᠋ᠢᠨ ᠪᠤᠭᠤᠮᠳᠠ ᠶ᠋ᠢᠨ ᠪᠦᠲᠦᠭᠡᠨ ᠪᠠᠢᠭᠤᠯᠤᠯᠳᠠ ᠨᠢ ᠪᠦᠬᠦ ᠤᠯᠤᠰ ᠤ᠋ᠨ ᠨᠡᠢᠳᠡᠯᠢᠭ ᠵᠢᠱ᠌ᠢᠶᠠ ᠪᠤᠯᠵᠤ᠂ ᠪᠦᠬᠦ ᠤᠯᠤᠰ ᠤ᠋ᠨ ᠤᠶᠤᠨᠴᠢᠯᠠᠭᠰᠠᠨ ᠬᠢᠯᠢ ᠶ᠋ᠢᠨ ᠪᠤᠭᠤᠮᠳᠠ ᠶ᠋ᠢᠨ ᠪᠦᠲᠦᠭᠡᠨ ᠪᠠᠢᠭᠤᠯᠤᠯᠳᠠ ᠳ᠋ᠤ 《ᠦᠪᠦᠷ ᠮᠤᠩᠭᠤᠯ ᠤ᠋ᠨ ᠲᠦᠰᠦᠯ》 ᠬᠠᠩᠭᠠᠪᠠ᠃
ᠦᠪᠦᠷ ᠮᠤᠩᠭᠤᠯ ᠪᠠᠰᠠ ᠰᠢᠨ᠎ᠠ ᠰᠤᠷᠭᠤᠭ ᠲᠠᠷᠢᠶᠠᠯᠠᠩ ᠤ᠋ᠨ ᠪᠦᠲᠦᠭᠡᠭᠳᠡᠭᠦᠨ ᠤ᠋ ᠪᠠᠢᠴᠠᠭᠠᠯᠳᠠ ᠪᠠ ᠪᠤᠭᠤᠮᠳᠠ ᠦᠩᠭᠡᠷᠡᠬᠦ ᠦᠢᠯᠡᠴᠢᠯᠡᠭᠡ ᠶ᠋ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠪᠤᠭᠤᠮᠳᠠ ᠪᠡᠷ ᠦᠩᠭᠡᠷᠡᠬᠦ ᠳ᠋ᠤ ᠬᠡᠷᠡᠭᠰᠡᠬᠦ ᠴᠠᠭ ᠢ᠋ 40% ᠪᠡᠷ ᠪᠤᠭᠤᠨᠢᠰᠬᠠᠨ᠂ ᠤᠯᠠᠨ ᠤᠯᠤᠰ ᠤ᠋ᠨ ᠠᠷᠠᠯᠵᠢᠶ᠎ᠠ ᠶ᠋ᠢᠨ 《ᠨᠢᠭᠡ ᠴᠤᠩᠬᠤᠪᠴᠢ》 ᠶ᠋ᠢᠨ ᠴᠢᠳᠠᠮᠵᠢ ᠪᠡᠨ 25 ᠶᠡᠬᠡ ᠲᠦᠷᠦᠯ 964 ᠵᠦᠢᠯ ᠪᠤᠯᠭᠠᠨ ᠨᠡᠮᠡᠭᠳᠡᠭᠦᠯᠵᠤ᠂ ᠬᠢᠯᠢ ᠠᠯᠤᠰᠯᠠᠭᠰᠠᠨ ᠠᠷᠠᠯᠵᠢᠶ᠎ᠠ ᠶ᠋ᠢ 《ᠨᠢᠭᠡ ᠰᠦᠯᠵᠢᠶ᠎ᠠ ᠪᠡᠷ ᠨᠡᠢᠳᠡᠮ ᠭᠦᠢᠴᠡᠳᠭᠡᠬᠦ》 ᠶ᠋ᠢ ᠪᠡᠶᠡᠯᠡᠭᠦᠯᠵᠠᠢ᠃
ᠬᠤᠤᠰ ᠴᠢᠭᠯᠡᠯ ᠤ᠋ᠨ ᠪᠡᠯᠡ ᠤᠷᠤᠭᠤᠯᠤᠯᠳᠠ ᠪᠤᠯ ᠬᠠᠮᠳᠤᠷᠠᠨ ᠠᠵᠢᠯᠯᠠᠬᠤ ᠶ᠋ᠢᠨ ᠴᠢᠬᠤᠯᠠ ᠳᠠᠳᠠᠬᠤ ᠬᠦᠴᠦᠨ ᠮᠦᠨ᠃ 2025 ᠤᠨ ᠳ᠋ᠤ᠂ ᠳᠤᠮᠳᠠᠳᠤ ᠮᠤᠩᠭᠤᠯ ᠤ᠋ᠨ ᠠᠵᠤ ᠠᠬᠤᠢ ᠶ᠋ᠢᠨ ᠬᠠᠮᠳᠤᠷᠠᠯᠴᠠᠭᠠᠨ ᠤ᠋ ᠲᠤᠭᠤᠷᠢᠭ ᠤ᠋ᠨ 8 ᠰᠠᠭᠤᠷᠢ ᠲᠦᠬᠦᠭᠡᠷᠦᠮᠵᠢ ᠶ᠋ᠢᠨ ᠲᠦᠷᠦᠯ ᠵᠦᠢᠯ ᠳ᠋ᠤ ᠬᠤᠶᠠᠷ ᠲᠠᠯ᠎ᠠ ᠪᠡᠷ ᠶ᠋ᠢᠡᠨ ᠨᠡᠢᠳᠡ 3.2 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠬᠢᠪᠡ; ᠦᠪᠦᠷ ᠮᠤᠩᠭᠤᠯ ᠤᠯᠠᠨ ᠤᠯᠤᠰ ᠲᠤ᠌ ᠬᠦᠷᠴᠤ ᠲᠠᠨᠢᠯᠴᠠᠭᠤᠯᠭ᠎ᠠ ᠶ᠋ᠢᠨ ᠬᠤᠷᠠᠯ ᠬᠢᠬᠦ ᠪᠡᠷ ᠳᠠᠮᠵᠢᠨ 106.7 ᠳ᠋ᠦᠩᠰᠢᠭᠤᠷ ᠲᠦᠭᠦᠷᠢᠭ ᠤ᠋ᠨ ᠪᠡᠯᠡ ᠤᠷᠤᠭᠤᠯᠤᠯᠳᠠ ᠳ᠋ᠤ ᠬᠤᠯᠪᠤᠭᠳᠠᠬᠤ 27 ᠬᠠᠮᠳᠤᠷᠠᠯᠴᠠᠭᠠᠨ ᠤ᠋ ᠵᠦᠪᠯᠡᠯᠴᠡᠭᠡᠷ ᠳᠤᠬᠢᠷᠠᠯᠴᠠᠪᠠ᠃
ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠪᠤᠯ ᠤᠯᠤᠰ ᠤ᠋ᠨ ᠲᠤᠳᠤᠭᠠᠳᠤ ᠭᠠᠳᠠᠭᠠᠳᠦ ᠶ᠋ᠢᠨ ᠬᠤᠤᠰ ᠤᠷᠴᠢᠯ ᠢ᠋ ᠰᠢᠯᠤᠭᠤᠳᠬᠠᠬᠤ ᠴᠢᠬᠤᠯᠠ ᠬᠦᠴᠦᠨ ᠵᠦᠢᠯ ᠮᠦᠨ᠃ ᠡᠨᠡ ᠵᠢᠯ ᠤ᠋ᠨ 2 ᠰᠠᠷ᠎ᠠ ᠳ᠋ᠤ᠂ ᠦᠪᠦᠷ ᠮᠤᠩᠭᠤᠯ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢᠵᠢᠭᠰᠡᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠡᠭᠦᠳᠬᠦ ᠬᠡᠷᠡᠭᠵᠢᠭᠦᠯᠬᠦ ᠳᠦᠰᠦᠯ》 ᠢ᠋ ᠳᠠᠷᠤᠮᠠᠯᠯᠠᠨ ᠲᠠᠷᠬᠠᠭᠠᠵᠤ᠂ ᠳᠦᠷᠢᠮ ᠤ᠋ᠨ ᠬᠡᠯᠪᠡᠷᠢ ᠶ᠋ᠢᠨ ᠨᠡᠭᠡᠭᠡᠯᠳᠡ ᠶ᠋ᠢ ᠯᠠᠪᠳᠠᠭᠤᠨ ᠪᠠᠳᠤᠳᠠᠢ ᠠᠬᠢᠭᠤᠯᠵᠠᠢ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠶ᠋ᠢ ᠡᠭᠦᠳᠴᠤ ᠠᠵᠤ ᠦᠢᠯᠡᠰ ᠤ᠋ᠨ ᠬᠦᠭᠵᠢᠯᠳᠡ ᠶ᠋ᠢᠨ ᠰᠢᠨ᠎ᠠ ᠰᠢᠪᠳᠤᠯᠤᠯᠳᠠ ᠶ᠋ᠢ ᠪᠤᠢ ᠪᠤᠯᠭᠠᠨ᠎ᠠ
ᠤᠷᠳᠤᠰ ᠤ᠋ᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤ᠋ᠨ ᠬᠦᠷᠢᠶᠡᠯᠡᠩ ᠳ᠋ᠤ᠂ ᠶᠤᠸᠠᠨ ᠵᠢᠩ ᠬᠦᠳᠡᠯᠭᠡᠬᠦ ᠬᠦᠴᠦᠨ ᠤ᠋ ᠮᠡᠷᠭᠡᠵᠢᠯ ᠤ᠋ᠨ ᠬᠢᠵᠠᠭᠠᠷᠳᠦ ᠺᠤᠮᠫᠠᠨᠢ ᠶ᠋ᠢᠨ ᠦᠢᠯᠡᠳᠪᠤᠷᠢᠯᠡᠭᠰᠡᠨ ᠳᠡᠭᠡᠳᠦ ᠡᠨᠧᠷᠬᠢ ᠪᠠ ᠨᠢᠭᠳᠠᠴᠠᠳᠤ ᠯᠢᠲ᠋ᠢ ᠴᠡᠨᠡᠭ ᠤ᠋ᠨ ᠦᠢᠯᠡᠳᠭᠦᠨ ᠧᠦ᠋ᠷᠦᠫᠠ ᠪᠠ ᠵᠡᠭᠦᠨ ᠡᠮᠦᠨᠡᠳᠦ ᠠᠽᠢᠶ᠎ᠠ ᠶ᠋ᠢᠨ ᠵᠠᠬ᠎ᠠ ᠳᠡᠯᠭᠡᠭᠦᠷ ᠲᠤ᠌ ᠪᠤᠷᠤᠯᠠᠭᠤᠯᠤᠭᠳᠠᠨᠠ᠃ 2025 ᠤᠨ ᠳ᠋ᠤ ᠤᠷᠳᠤᠰ ᠬᠤᠳᠠ ᠶ᠋ᠢᠨ ᠰᠢᠨ᠎ᠠ ᠡᠨᠧᠷᠬᠢ ᠶ᠋ᠢᠨ ᠯᠢᠲ᠋ᠢ ᠴᠡᠨᠡᠭ ᠤ᠋ᠨ ᠭᠠᠳᠠᠭᠠᠳᠦ ᠭᠠᠷᠭᠠᠯᠳᠠ ᠶ᠋ᠢᠨ ᠶᠡᠷᠦᠩᠬᠡᠢ ᠦᠷᠳᠡᠭ ᠨᠢ 11.72 ᠳ᠋ᠦᠩᠰᠢᠭᠤᠷ ᠲᠦᠭᠦᠷᠢᠭ ᠲᠤ᠌ ᠬᠦᠷᠴᠠᠢ᠃ ᠡᠨᠡ ᠪᠤᠯ ᠦᠪᠦᠷ ᠮᠤᠩᠭᠤᠯ᠂ ᠲᠡᠭᠦᠨᠴᠢᠯᠡᠨ ᠳᠤᠮᠳᠠᠳᠤ ᠤᠯᠤᠰ ᠤ᠋ᠨ ᠪᠤᠬᠢᠷᠳᠦᠯ ᠦᠭᠡᠢ ᠡᠨᠧᠷᠬᠢ ᠶ᠋ᠢᠨ ᠦᠢᠯᠡᠰ ᠤ᠋ᠨ ᠬᠦᠭᠵᠢᠯᠳᠡ ᠶ᠋ᠢᠨ ᠬᠢᠯᠠᠯᠵᠠᠭᠰᠠᠨ ᠠᠮᠵᠢᠯᠳᠠ ᠪᠤᠯᠤᠨ᠎ᠠ᠃
ᠨᠤᠤᠰᠤ ᠨᠤᠤᠯᠤᠭᠤᠷ ᠨᠡᠭᠦᠷᠡᠰᠦ ᠬᠤᠪᠤᠷ ᠰᠢᠷᠤᠢ ᠰᠢᠳᠠᠮᠠᠬᠠᠢ ᠬᠡᠢ ᠪᠡᠷ ᠭᠤᠤᠯᠯᠠᠵᠤ ᠪᠠᠢᠭᠰᠠᠨ ᠡᠴᠡ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤᠰᠤᠳᠦ᠋ᠷᠦᠭᠴᠢ ᠡᠨᠧᠷᠬᠢ ᠨᠦᠭᠡᠴᠡ ᠡᠨᠧᠷᠬᠢ ᠶ᠋ᠢ ᠬᠦᠴᠦᠯᠡᠨ ᠬᠦᠭᠵᠢᠭᠦᠯᠬᠦ ᠬᠦᠷᠳᠡᠯ᠎ᠠ᠂ ᠪᠦᠬᠦ ᠳᠡᠯᠡᠬᠡᠢ ᠶ᠋ᠢᠨ ᠠᠩᠬᠠᠳᠠᠭᠴᠢ ᠠᠯᠭᠠᠰᠠᠯ ᠬᠢᠵᠠᠭᠠᠷ ᠬᠡᠮᠵᠢᠭᠳᠡᠯ ᠤ᠋ᠨ ᠨᠡᠭᠦᠷᠡᠰᠦᠳ᠋ᠦ᠋ᠷᠦᠭᠴᠢ ᠶ᠋ᠢᠨ ᠳᠠᠪᠬᠤᠷ ᠢᠰᠦᠯ ᠤ᠋ᠨ ᠬᠠᠯᠠᠭᠤᠨ ᠬᠦᠢᠳᠡᠨ ᠢ᠋ ᠨᠢᠭᠡ ᠴᠤᠭᠴᠠᠵᠢᠭᠤᠯᠤᠭᠰᠠᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠨᠢᠰᠭᠡᠯ ᠤ᠋ᠨ ᠪᠠᠭᠤᠳᠠᠯ ᠤᠷᠳᠤᠰ ᠬᠤᠳᠠ ᠳ᠋ᠤ ᠠᠰᠢᠭᠯᠠᠯᠳᠠ ᠳ᠋ᠤ ᠤᠷᠤᠭᠰᠠᠨ ᠡᠴᠡ ᠪᠦᠬᠦ ᠳᠡᠯᠡᠬᠡᠢ ᠶ᠋ᠢᠨ ᠮᠠᠰᠢᠨ ᠴᠤᠭᠴᠠᠯᠠᠪᠤᠷᠢ ᠶ᠋ᠢᠨ ᠶᠡᠷᠦᠩᠬᠡᠢ ᠬᠡᠪᠴᠢᠶ᠎ᠠ ᠨᠢ ᠬᠠᠮᠤᠭ ᠤ᠋ᠨ ᠶᠡᠬᠡ ᠠᠪᠴᠢᠮᠠᠯ ᠠᠭᠠᠷ ᠤ᠋ᠨ ᠨᠦᠭᠡᠴᠡ ᠡᠨᠧᠷᠬᠢ ᠶ᠋ᠢᠨ ᠲᠦᠷᠦᠯ ᠵᠦᠢᠯ ᠤᠯᠠᠭᠠᠨᠴᠠᠪ ᠬᠤᠳᠠ ᠳ᠋ᠤ ᠪᠦᠬᠦ ᠲᠠᠯ᠎ᠠ ᠪᠡᠷ ᠬᠡᠷᠡᠭᠵᠢᠭᠦᠯᠦᠭᠳᠡᠬᠦ ᠬᠦᠷᠳᠡᠯ᠎ᠠ ᠁ ᠦᠪᠦᠷ ᠮᠤᠩᠭᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠡᠭᠦᠳᠦᠯᠳᠡ ᠬᠢᠭᠡᠳ ᠠᠵᠤ ᠦᠢᠯᠡᠰ ᠤ᠋ᠨ ᠬᠦᠭᠵᠢᠯᠳᠡ ᠶ᠋ᠢ ᠭᠦᠨᠵᠡᠭᠡᠢ ᠠᠭᠤᠰᠤᠯᠴᠠᠭᠤᠯᠤᠨ᠂ ᠰᠢᠨ᠎ᠠ ᠴᠢᠨᠠᠷ ᠤ᠋ᠨ ᠦᠢᠯᠡᠳᠪᠤᠷᠢᠯᠡᠯ ᠤ᠋ᠨ ᠬᠦᠴᠦᠨ ᠶ᠋ᠢᠡᠷ ᠡᠨᠧᠷᠬᠢ ᠶ᠋ᠢᠨ ᠠᠵᠤ ᠦᠢᠯᠡᠰ ᠤ᠋ᠨ ᠪᠠᠢᠷᠢᠰᠢᠯ ᠢ᠋ ᠳᠠᠬᠢᠨ ᠴᠤᠭᠴᠠᠯᠠᠵᠤ ᠪᠠᠢᠨ᠎ᠠ᠃
ᠦᠪᠦᠷ ᠮᠤᠩᠭᠤᠯ ᠤᠳᠤ ᠶᠠᠭ ᠦᠪᠡᠷᠮᠢᠴᠡ ᠬᠤᠪᠤᠷ ᠰᠢᠷᠤᠢ ᠶ᠋ᠢᠨ ᠠᠵᠤ ᠦᠢᠯᠡᠰ ᠤ᠋ᠨ ᠳᠠᠪᠠᠭᠤᠯᠢᠭ ᠶ᠋ᠢᠡᠷ ᠳᠡᠯᠡᠬᠡᠢ ᠳ᠋ᠠᠬᠢᠨ ᠤ᠋ ᠠᠩᠬᠠᠷᠤᠯ ᠢ᠋ ᠳᠠᠳᠠᠵᠤ ᠪᠤᠢ᠃ ᠪᠦᠬᠦ ᠤᠯᠤᠰ ᠤ᠋ᠨ ᠤᠯᠤᠰ ᠲᠦᠷᠦ ᠶ᠋ᠢᠨ ᠵᠦᠪᠯᠡᠯᠭᠡᠨ ᠤ᠋ ᠭᠡᠰᠢᠭᠦᠨ᠂ ᠪᠤᠭᠤᠳᠤ ᠶ᠋ᠢᠨ ᠬᠤᠪᠤᠷ ᠰᠢᠷᠤᠢ ᠶ᠋ᠢᠨ ᠰᠤᠳᠤᠯᠭᠠᠨᠤ ᠬᠦᠷᠢᠶᠡᠯᠡᠩ ᠤ᠋ᠨ ᠳᠡᠳ᠋ ᠡᠷᠬᠢᠯᠡᠭᠴᠢ ᠰᠤᠳᠤᠯᠤᠭᠴᠢ ᠯᠢ ᠪᠤᠤ ᠴᠢᠤᠸᠠᠨ ᠤ᠋ ᠦᠵᠡᠬᠦ ᠪᠡᠷ᠂ ᠦᠪᠦᠷ ᠮᠤᠩᠭᠤᠯ ᠳ᠋ᠤ ᠳᠡᠯᠡᠬᠡᠢ ᠶ᠋ᠢᠨ ᠬᠤᠪᠤᠷ ᠰᠢᠷᠤᠢ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠠᠵᠤ ᠦᠢᠯᠡᠰ ᠤ᠋ᠨ ᠦᠨᠳᠦᠷᠯᠢᠭ ᠢ᠋ ᠴᠤᠭᠴᠠᠯᠠᠬᠤ ᠠᠶᠠᠨᠳᠠᠭᠠᠨ ᠤ᠋ ᠳᠠᠪᠠᠭᠤᠯᠢᠭ ᠲᠠᠢ ᠶᠤᠮ᠃ ᠤᠳᠤᠬᠠᠨ ᠳ᠋ᠤ ᠡᠷᠬᠡᠪᠰᠢ ᠡᠬᠢ ᠪᠠᠶᠠᠯᠢᠭ ᠤ᠋ᠨ ᠨᠡᠭᠡᠭᠡᠯᠳᠡ ᠬᠢᠬᠦ ᠡᠴᠡ ᠡᠴᠤᠰ ᠤ᠋ᠨ ᠬᠡᠷᠡᠭᠯᠡᠭᠡ ᠳ᠋ᠤ ᠤᠷᠤᠭᠤᠯᠬᠤ ᠬᠦᠷᠳᠡᠯᠡᠬᠢ ᠪᠦᠬᠦ ᠬᠡᠯᠬᠢᠶ᠎ᠠ ᠶ᠋ᠢᠨ ᠮᠡᠷᠭᠡᠵᠢᠯ ᠤ᠋ᠨ ᠬᠦᠴᠢᠷ ᠰᠡᠳᠦᠪ ᠢ᠋ ᠰᠢᠢᠳᠪᠤᠷᠢᠯᠡᠵᠦ᠂ ᠡᠬᠢ ᠪᠠᠶᠠᠯᠢᠭ ᠤ᠋ᠨ ᠬᠠᠳᠠᠭᠠᠯᠠᠭᠳᠠᠴᠠ ᠶ᠋ᠢᠨ ᠳᠠᠪᠠᠭᠤᠯᠢᠭ ᠢ᠋ ᠦᠨᠡᠨ ᠬᠦ᠌ ᠭᠤᠤᠯᠯᠠᠬᠤ ᠠᠵᠤ ᠦᠢᠯᠡᠰ ᠤ᠋ᠨ ᠳᠠᠪᠠᠭᠤᠯᠢᠭ᠂ ᠦᠷᠢᠰᠦᠯᠳᠦᠬᠦ ᠬᠦᠴᠦᠨ ᠤ᠋ ᠳᠠᠪᠠᠭᠤᠯᠢᠭ ᠪᠤᠯᠭᠠᠨ ᠬᠤᠪᠢᠷᠠᠭᠤᠯᠬᠤ ᠬᠡᠷᠡᠭᠳᠠᠢ᠃
ᠨᠡᠭᠡᠭᠡᠯᠳᠡ ᠬᠢᠬᠦ ᠤᠷᠢᠬᠠᠨ ᠰᠠᠯᠬᠢ ᠨᠢ ᠬᠠᠮᠳᠤ ᠪᠡᠷ ᠠᠰᠢᠭ ᠬᠦᠷᠳᠡᠬᠦ ᠠᠯᠤᠰ ᠢᠷᠡᠭᠡᠳᠦᠢ ᠶ᠋ᠢ ᠵᠢᠷᠤᠭᠯᠠᠨ᠎ᠠ᠃ ᠦᠪᠦᠷ ᠮᠤᠩᠭᠤᠯ ᠳᠡᠯᠡᠬᠡᠢ ᠳ᠋ᠤ ᠬᠠᠨᠳᠤᠭᠰᠠᠨ ᠬᠠᠷᠠᠭᠠᠰᠤ ᠪᠡᠷ ᠴᠢᠨᠠᠷ ᠰᠠᠢᠳᠠᠢ ᠬᠦᠭᠵᠢᠯᠳᠡ ᠶ᠋ᠢᠨ ᠰᠢᠨ᠎ᠠ ᠬᠠᠭᠤᠳᠠᠰᠤ ᠶ᠋ᠢ ᠪᠢᠴᠢᠭᠯᠡᠬᠦ ᠪᠡᠷ ᠦᠷᠭᠦᠯᠵᠢᠯᠡᠨ ᠴᠢᠷᠮᠠᠢᠵᠤ ᠪᠠᠢᠨᠠᠮ᠃