
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠷᠠᠯᠵᠢᠶᠠᠨ᠎ᠤ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠡᠨᠧᠷᠭᠢ᠎ᠶ᠋ᠢ ᠪᠤᠢᠵᠢᠭᠤᠯᠤᠨ ᠪᠤᠵᠠᠭᠠᠢᠷᠠᠭᠤᠯᠵᠤ᠂ 《ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ + ᠤᠯᠤᠰ ᠤ᠋ᠨ ᠭᠠᠳᠠᠭᠠᠳᠤ᠎ᠳᠠᠬᠢ ᠬᠥᠮᠥᠷᠭᠡ》 ᠵᠠᠬ᠍ᠪᠤᠷ᠎ᠤᠨ ᠪᠠᠭ᠍ᠳᠠᠭᠠᠮᠵᠢ ᠶ᠋ᠢ ᠥᠷᠭᠡᠳᠭᠡᠨ ᠲᠡᠰ ᠳᠡᠪᠱᠢᠬᠦ᠂ ᠵᠢᠷᠤᠮᠵᠢᠭᠤᠨ ᠪᠦᠭᠡᠳ ᠡᠮᠬᠢ ᠲᠢᠭᠯᠢᠮ᠎ᠲᠠᠢ᠎ᠪᠠᠷ ᠬᠥᠭ᠌ᠵᠢᠭᠦ᠎ᠶ᠋ᠢ ᠠᠬᠢᠭᠤᠯᠤᠨ᠂ ᠣᠯᠠᠨ ᠤᠯᠤᠰ᠎ᠤᠨ ᠲᠥᠷᠭᠡᠨ ᠬᠥᠷᠭᠡᠯᠲᠡᠶ᠋ᠢᠨ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠪᠰᠠᠷ᠎ᠤᠨ ᠪᠦᠳᠤᠭᠡᠭ᠌ᠳᠡᠬᠦᠨᠤ ᠠᠷᠠᠯᠵᠢᠶ᠎ᠠ᠎ᠶ᠋ᠢ ᠦᠷᠭᠡᠳᠭᠡᠨ᠂ ᠲᠤᠭᠠᠴᠢᠯᠠᠭᠰᠠᠨ ᠠᠷᠠᠯᠵᠢᠶ᠎ᠠ᠂ ᠪᠤᠬᠢᠷᠳᠤᠯ ᠦᠭᠡᠢ ᠠᠷᠠᠯᠵᠢᠶ᠎ᠠ᠎ᠶ᠋ᠢ ᠬᠦᠭ᠌ᠵᠢᠬᠦᠯᠵᠦ᠍᠂ ᠬᠢᠯᠢ᠎ᠶ᠋ᠢᠨ ᠠᠷᠠᠯᠵᠢᠶ᠎ᠠ᠎ᠶ᠋ᠢ ᠰᠠᠢᠵᠢᠷᠠᠭᠤᠯᠤᠨ᠎ᠠ ᠭᠡᠵᠦ᠍ ᠳᠤᠷᠠᠳᠪᠠ᠃
ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠠᠢᠵᠤ᠂ ᠠᠷᠠᠯᠵᠢᠶᠠᠨ᠎ᠤ ᠠᠷᠭ᠎ᠠ ᠬᠡᠯᠪᠡᠷᠢ᠎ᠶ᠋ᠢᠨ ᠱᠢᠨ᠎ᠡ ᠡᠭᠦᠳᠦᠯᠲᠡ ᠨᠢ ᠭᠠᠳᠠᠭᠠᠳᠤ ᠨᠡᠭᠡᠭᠡᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠠᠢ᠃ ᠬᠢᠯᠢ᠎ᠶ᠋ᠢᠨ ᠪᠣᠭᠣᠮᠲᠠ᠂ ᠬᠢᠯᠢ ᠶ᠋ᠢᠨ ᠬᠣᠲᠠ ᠪᠠᠯᠭᠠᠰᠤ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠬᠦ᠌ ᠶᠠᠪᠤᠴᠠ᠎ᠳᠤ᠂ ᠬᠢᠯᠢ᠎ᠶ᠋ᠢᠨ ᠠᠷᠠᠯᠵᠢᠶ᠎ᠠ ᠨᠢ ᠣᠯᠠᠨ ᠤᠯᠤᠰ᠎ᠤᠨ ᠠᠵᠤ ᠠᠬᠤᠶ ᠠᠷᠠᠯᠵᠢᠶ᠎ᠠ ᠵᠢᠴᠢ ᠰᠤᠶᠤᠯ ᠢᠷᠭᠡᠨᠰᠢᠯ ᠤ᠋ᠨ ᠶᠠᠪᠤᠯᠴᠠᠭᠠᠨ᠎ᠤ ᠦᠨᠳᠦᠰᠦᠨ ᠬᠡᠯᠪᠡᠷᠢ ᠪᠣᠯᠤᠭ᠍ᠰᠠᠨ᠎ᠤ ᠬᠤᠪᠢ᠎ᠳᠤ᠂ ᠨᠢᠭᠡᠨᠲᠡ ᠮᠠᠨ᠎ᠤ ᠤᠯᠤᠰ᠎ᠤᠨ ᠬᠢᠯᠢ ᠬᠢᠵᠠᠭᠠᠷ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠦᠴᠦᠨ᠂ ᠭᠠᠳᠠᠭᠠᠳᠤ ᠨᠡᠭᠡᠭᠡᠯᠲᠡ ᠬᠢᠬᠦ᠌ ᠪᠠ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠴᠢᠬᠤᠯᠠ ᠭᠠᠷᠳᠠᠴᠠ ᠪᠣᠯᠤᠭ᠍ᠰᠠᠨ᠎ᠢ ᠤᠢᠯᠠᠭᠠᠨ ᠮᠡᠳᠡᠵᠠᠢ᠃
ᠠᠷᠠᠯᠵᠢᠶᠠᠨ ᠤ᠋ ᠳᠦᠭᠦᠮ ᠲᠦᠳᠡᠴᠢᠯᠡᠬᠦ ᠲᠦᠪᠱᠢᠨ ᠲᠠᠰᠤᠷᠠᠯᠳᠠ ᠦᠭᠡᠢ ᠳᠡᠭᠡᠭ᠌ᠰᠢᠯᠡᠬᠦ ᠶ᠋ᠢ ᠳᠠᠭᠠᠯᠳᠤᠨ᠂ ᠬᠢᠯᠢ᠎ᠶ᠋ᠢᠨ ᠠᠷᠠᠳ᠎ᠤᠨ ᠵᠠᠬ᠎ᠠ᠎ᠶ᠋ᠢᠨ ᠠᠷᠠᠯᠵᠢᠶᠠᠨ᠎ᠤ ᠲᠣᠭᠣᠷᠢᠭ᠎ᠤᠨ ᠭᠠᠳᠠᠭᠠᠳᠤ ᠭᠠᠷᠭᠠᠯᠲᠠ᠎ᠶ᠋ᠢᠨ ᠲᠤᠬᠠᠢᠯᠠᠭ᠍ᠰᠠᠨ ᠠᠵᠢᠯ ᠴᠤ᠌ ᠨᠡᠮᠡᠭᠳᠡᠵᠦ᠂ ᠨᠠᠩ ᠣᠯᠠᠨ ᠳᠤᠮᠳᠠᠳᠤ ᠤᠯᠤᠰ ᠤ᠋ᠨ ᠦᠶ᠋ᠯᠡᠳᠬᠦᠨ᠂ ᠦᠪᠡᠷᠳᠡᠭᠡᠨ ᠵᠠᠰᠠᠬᠤ ᠣᠷᠣᠨ᠎ᠤ ᠦᠶ᠋ᠯᠡᠳᠬᠦᠨ ᠣᠷᠣᠰ ᠮᠣᠩᠭᠣᠯ᠎ᠳᠤ ᠭᠠᠷᠴᠤ᠂ ᠬᠢᠯᠢ᠎ᠶ᠋ᠢᠨ ᠠᠷᠠᠳ᠎ᠤᠨ 《ᠣᠷᠣᠯᠭ᠎ᠠ᠎ᠶ᠋ᠢᠨ ᠨᠡᠮᠡᠭ᠌ᠳᠡᠯ᠎ᠦᠨ ᠵᠠᠮ》 ᠶᠠᠪᠤᠬᠤ ᠲᠤᠲᠤᠮ ᠥᠷᠭᠡᠵᠢᠵᠦ᠍᠂ ᠮᠠᠨ᠎ᠤ ᠬᠡᠷᠡᠭ᠌ᠯᠡᠭ᠌ᠴᠢᠳ ᠴᠦ᠍ ᠣᠷᠣᠰ᠎ᠤᠨ ᠲᠠᠯᠬ᠎ᠠ᠂ ᠭᠠᠷ ᠤᠷᠠᠯᠠᠯ᠎ᠤᠨ ᠪᠦᠲᠦᠭᠡᠭ᠌ᠳᠡᠬᠦᠨ ᠵᠡᠷᠭᠡ ᠣᠨᠴᠠ ᠭᠠᠷᠤᠯᠲᠠ᠎ᠶ᠋ᠢ ᠣᠯᠵᠤ ᠡᠳ᠋ᠯᠡᠬᠦ᠌ ᠪᠣᠯᠵᠠᠶ᠃